ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠢ ᠱᠧᠩ ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/8/14
    8 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠢ ᠱᠧᠩ ᠪᠦᠯᠬᠦᠮ ᠳᠠᠭᠠᠭᠤᠯᠤᠨ ᠭᠢᠷᠢᠨ ᠮᠤᠵᠢ ᠳᠤ ᠬᠦᠷᠴᠦ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠬᠤ ᠠᠵᠢᠯ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠼᠠᠢ ᠰᠢᠶᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃

1.jpg

    ᠯᠢ ᠢᠦᠢ ᠱᠧᠩ ᠨᠠᠷ ᠭᠢᠷᠢᠨ ᠤ ᠲᠢᠶᠠᠨ ᠱᠧᠩ ᠴᠢᠯᠠᠭᠤᠨ ᠲᠣᠰᠣ ᠰᠢᠲᠠᠮᠠᠬᠠᠢ ᠬᠡᠢ ᠶᠢᠨ ᠨᠡᠭᠡᠭᠡᠨ

ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠩ ᠶᠠᠨ ᠤ ᠪᠠᠷ᠎ᠠ

ᠪᠤᠯᠤᠯᠭ᠎ᠠ ᠲᠠᠢ ᠪᠠᠷ ᠤᠷᠢᠳ ᠬᠤᠵᠢᠳ ᠺᠣᠮᠫᠠᠨᠢ ᠶᠢᠨ ᠶᠡᠷᠦᠩᠬᠡᠢ ᠬᠡᠯᠲᠡᠰ ᠪᠣᠯᠣᠨ ᠲᠤᠰ ᠺᠣᠮᠫᠠᠨᠢ ᠶᠢᠨ ᠴᠢᠯᠠᠭᠤᠨ

ᠲᠣᠰᠣ ᠰᠢᠲᠠᠮᠠᠬᠠᠢ ᠬᠡᠢ ᠶᠢᠨ ᠨᠡᠭᠡᠭᠡᠨ ᠬᠥᠭᠵᠢᠭᠦᠯᠦᠯᠲᠡ ᠶᠢᠨ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠃

2.jpg

    ᠺᠣᠮᠫᠠᠨᠢ ᠶᠢᠨ ᠶᠡᠷᠦᠩᠬᠡᠢ ᠬᠡᠯᠲᠡᠰ ᠲᠤ ᠂ ᠲᠢᠶᠠᠨ ᠱᠧᠩ ᠴᠢᠯᠠᠭᠤᠨ ᠲᠣᠰᠣ ᠰᠢᠲᠠᠮᠠᠬᠠᠢ ᠬᠡᠢ ᠶᠢᠨ ᠨᠡᠭᠡᠭᠡᠨ

ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠺᠣᠮᠫᠠᠨᠢ ᠶᠢᠨ ᠦᠨᠳᠦᠰᠦᠨ ᠪᠠᠶᠢᠳᠠᠯ᠂ ᠪᠠᠶᠢᠭᠤᠯᠵᠤ ᠪᠠᠶᠢᠭ᠎ᠠ ᠲᠦᠷᠦᠯ

ᠵᠦᠢᠯ ᠤᠨ ᠪᠠᠶᠢᠳᠠᠯ ᠵᠢᠴᠢ ᠢᠷᠡᠭᠡᠳᠦᠢ ᠶᠢᠨ ᠲᠥᠯᠥᠪᠯᠡᠭᠡ ᠪᠠᠨ ᠬᠠᠷᠢᠭᠤ ᠮᠡᠳᠡᠭᠦᠯᠵᠦ ᠂ ᠯᠢ ᠢᠦᠢ ᠱᠧᠩ ᠮᠠᠨ ᠤ

ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠂ ᠣᠷᠣᠨ ᠪᠠᠶᠢᠷᠢ ᠶᠢᠨ ᠳᠠᠪᠠᠭᠤᠯᠢᠭ᠂ ᠡᠬᠢ

ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠠᠢ ᠃ ᠬᠤᠶᠠᠷ

ᠲᠠᠯ᠎ᠠ ᠪᠠᠷ ᠢᠶᠠᠨ ᠮᠠᠨ ᠤ ᠰᠢᠶᠠᠨ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠬᠠᠮᠲᠤᠷᠠᠨ ᠨᠡᠭᠡᠭᠡᠨ

ᠠᠰᠢᠭᠯᠠᠬᠤ ᠲᠦᠷᠦᠯ ᠵᠦᠢᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃

    ᠺᠣᠮᠫᠠᠨᠢ ᠶᠢᠨ ᠴᠢᠯᠠᠭᠤᠨ ᠲᠣᠰᠣ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠲᠦᠷᠦᠯ ᠵᠦᠢᠯ ᠤᠨ ᠲᠤᠬᠠᠢ ᠶᠢᠨ

ᠲᠠᠯᠠᠪᠠᠢ ᠳᠤ ᠂ ᠴᠧᠩ ᠶᠠᠨ ᠴᠢᠯᠠᠭᠤᠨ ᠲᠣᠰᠣ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠲᠦᠷᠦᠯ ᠵᠦᠢᠯ ᠤᠨ

ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠲᠠᠶᠢᠯᠪᠤᠷᠢᠯᠠᠬᠤ ᠶᠢᠨ ᠬᠠᠮᠲᠤ ᠤᠯᠠᠨ ᠢ ᠳᠠᠭᠠᠭᠤᠯᠤᠨ

ᠴᠢᠯᠠᠭᠤᠨ ᠲᠤᠰᠤᠨ ᠤ ᠠᠭᠤᠷᠬᠠᠢ ᠶᠢ ᠲᠣᠭᠤᠷᠢᠨ ᠦᠵᠡᠪᠡ᠃

    ᠯᠢ ᠢᠦᠢ ᠱᠧᠩ ᠂ ᠭᠢᠷᠢᠨ ᠤ ᠲᠢᠶᠠᠨ ᠱᠧᠩ ᠴᠢᠯᠠᠭᠤᠨ ᠲᠣᠰᠣ ᠰᠢᠲᠠᠮᠠᠬᠠᠢ ᠬᠡᠢ ᠶᠢᠨ ᠨᠡᠭᠡᠭᠡᠨ

ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ

ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠮᠠᠨ ᠤ ᠰᠢᠶᠠᠨ ᠳᠤ ᠢᠷᠡᠵᠤ ᠲᠤᠬᠠᠢ ᠶᠢᠨ ᠭᠠᠵᠠᠷ ᠲᠤᠨᠢ ᠰᠢᠨᠵᠢᠯᠡᠨ

ᠪᠠᠶᠢᠴᠠᠭᠠᠵᠤ ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠵᠥᠪᠳᠡᠨ ᠶᠠᠷᠢᠯᠴᠠᠬᠤ ᠲᠦᠷᠦᠯ ᠵᠦᠢᠯ ᠢ

ᠡᠷᠲᠡᠬᠡᠨ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ

ᠢᠯᠡᠳᠬᠡᠪᠡ᠃

    ᠴᠧᠩ ᠶᠠᠨ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠤᠨ ᠬᠢᠨ ᠬᠤᠸᠠᠳᠧ ᠰᠢᠶᠠᠨ ᠲᠠᠢ ᠵᠣᠯᠭᠠᠭᠤᠯᠤᠨ

ᠰᠣᠯᠢᠯᠴᠠᠬᠤ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠪᠠ ᠲᠥᠷᠥᠯ ᠵᠦᠢᠯ ᠤᠨ

ᠨᠤᠲᠠᠯᠠᠯᠲᠠ ᠶᠢ ᠢᠳᠡᠪᠬᠢᠲᠡᠢ ᠥᠷᠨᠢᠭᠦᠯᠵᠦ᠂ ᠪᠣᠳᠠᠲᠠᠢ ᠬᠠᠮᠲᠤᠷᠠᠯᠴᠠᠭᠠᠨ ᠤ ᠤᠴᠢᠷ ᠶᠠᠪᠤᠳᠠᠯ ᠢ ᠨᠠᠷᠢᠯᠢᠭᠵᠢᠭᠤᠯᠤᠨ

ᠭᠦᠨᠵᠡᠭᠡᠶᠢᠷᠡᠭᠦᠯᠵᠦ᠂ ᠺᠣᠮᠫᠠᠨᠢ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ

ᠬᠥᠭᠵᠢᠭᠦᠯᠦᠯᠲᠡ ᠶᠢᠨ ᠲᠥᠷᠥᠯ ᠵᠦᠢᠯ ᠢ ᠬᠤᠸᠠᠳᠧ ᠰᠢᠶᠠᠨ ᠳᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ

ᠲᠦᠯᠬᠢᠨ ᠠᠬᠢᠭᠤᠯᠤᠨ᠎ᠠ ᠭᠡᠵᠡᠢ᠃

    ᠯᠢ ᠢᠦᠢ ᠱᠧᠩ ᠨᠠᠷ ᠪᠠᠰᠠ ᠴᠠᠩᠴᠦ᠋ᠨ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠤᠨ

ᠪᠦᠲᠦᠭᠡᠨ ᠪᠠᠶᠢᠭᠤᠯᠤᠯᠲᠠ᠂ ᠴᠠᠬᠢᠯᠭᠠᠨ ᠦᠷᠳᠡᠭᠡ ᠰᠣᠯᠢᠬᠤ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠢ

ᠰᠢᠨᠵᠢᠯᠡᠨ ᠪᠠᠶᠢᠴᠠᠭᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2