ᠯᠢ ᠢᠦᠢ ᠱᠧᠩ ᠠᠩᠭᠢ ᠳᠠᠭᠠᠭᠤᠯᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠳᠡᠩᠰᠡᠯᠡᠨ ᠲᠡᠮᠳᠡᠭᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/17
    8 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠢ ᠱᠧᠩ ᠪᠦᠯᠬᠦᠮ ᠳᠠᠭᠠᠭᠤᠯᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠳᠠᠩᠰᠠᠯᠠᠬᠤ ᠠᠵᠢᠯ ᠢ ᠦᠷᠨᠢᠭᠦᠯᠪᠡ᠃    ᠯᠢ ᠢᠦᠢ ᠱᠧᠩ ᠨᠠᠷ ᠤᠷᠢᠳ ᠬᠤᠵᠢᠳ ᠴᠠᠩᠱᠦ᠋ᠨ ᠪᠠᠯᠭᠠᠰᠤᠨ ᠤ ᠰᠢᠤᠸᠠᠢ ᠹᠦ᠋ ᠰᠢᠨ ᠴᠧᠩ ᠰᠠᠭᠤᠭᠠᠯᠢ ᠲᠣᠭᠤᠷᠢᠭ ᠤᠨ ᠬᠠᠪᠢ ᠳᠤ ᠬᠦᠷᠴᠦ᠂ ᠠᠷᠢᠬᠢ ᠲᠠᠮᠠᠬᠢᠨ ᠤ ᠳᠡᠯᠭᠡᠭᠦᠷ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠤᠨ ᠺᠣᠮᠫᠠᠨᠢ ᠵᠡᠷᠭᠡ ᠭᠠᠵᠠᠷ ᠲᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠠᠵᠢᠯ ᠢ ᠥᠷᠨᠢᠭᠦᠯᠵᠦ᠂ ᠡᠵᠡᠩᠨᠡᠯᠲᠡ ᠶᠢᠨ ᠥᠮᠴᠢᠲᠡᠨ ᠯᠦᠭᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠨᠡᠶᠢᠳᠡᠮ ᠪᠠᠶᠢᠴᠠᠭᠠᠭᠴᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠠᠵᠢᠯ ᠢ ᠥᠷᠨᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠵᠢᠯᠤᠭᠤᠳᠴᠤ᠂ ᠬᠠᠮᠢᠶ᠎ᠠ ᠪᠦᠬᠦᠢ ᠠᠰᠠᠭᠤᠳᠠᠯ ᠪᠣᠯᠣᠨ ᠰᠠᠨᠠᠯ ᠳᠤ ᠴᠠᠭ ᠲᠤᠬᠠᠢ ᠳᠤᠨᠢ ᠬᠠᠷᠢᠭᠤᠯᠲᠠ ᠥᠭᠪᠡ᠃

1.png

    ᠯᠢ ᠢᠦᠢ ᠱᠧᠩ ᠱᠠᠭᠠᠷᠳᠠᠭᠰᠠᠨ ᠨᠢ᠂ ᠰᠢᠶᠠᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠠᠵᠤ

ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠦᠷᠦᠭᠦᠯᠡᠨ ᠬᠢᠬᠦ ᠨᠢᠭᠡᠴᠡ ᠪᠣᠯᠤᠭᠰᠠᠨ ᠤ ᠬᠤᠪᠢ ᠳᠤ ᠪᠣᠯᠪᠠᠰᠤᠷᠠᠭᠤᠯᠤᠯ

ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠶᠢᠨ

ᠨᠡᠶᠢᠳᠡᠮ ᠪᠠᠶᠢᠴᠠᠭᠠᠯᠲᠠ ᠶᠢᠨ ᠠᠵᠢᠯᠲᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ

ᠪᠦᠷᠢᠳᠬᠡᠯ ᠤᠨ ᠬᠠᠤᠯᠢ︾ ᠂ ︽ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ

ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠠᠵᠤ ᠠᠬᠤᠶᠢᠯᠠᠯ ᠪᠣᠯᠣᠨ ᠬᠤᠪᠢ ᠶᠢᠨ ᠡᠷᠥᠭᠡ ᠳᠤ ᠠᠵᠤ

ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠲᠠᠶᠢᠯᠪᠤᠷᠢᠯᠠᠯᠲᠠ ᠶᠢ ᠰᠠᠶᠢᠲᠤᠷ ᠬᠢᠵᠦ ᠂ ᠠᠵᠤ ᠠᠬᠤᠶᠢᠯᠠᠯ

ᠪᠣᠯᠣᠨ ᠬᠤᠪᠢ ᠶᠢᠨ ᠡᠷᠥᠭᠡ ᠶᠢ ᠵᠢᠯᠤᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠡᠯ ᠢ ᠦᠨᠡᠨ

ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠢᠭᠡᠳ

ᠬᠤᠪᠢ ᠶᠢᠨ ᠡᠵᠡᠩᠨᠡᠯᠲᠡ ᠶᠢᠨ ᠡᠷᠥᠭᠡ ᠬᠠᠮᠵᠢᠯᠴᠠᠨ᠂ ᠬᠤᠯᠪᠣᠭᠳᠠᠯ ᠪᠦᠬᠦᠢ ᠦᠨᠡᠮᠯᠡᠯ ᠬᠢᠭᠡᠳ ᠡᠳ᠋ ᠤᠨ ᠶᠠᠪᠤᠳᠠᠯ ᠤᠨ 

ᠮᠠᠲ᠋ᠧᠷᠢᠶᠡᠯ ᠢ ᠴᠠᠭ ᠲᠤᠬᠠᠢ  ᠳᠤᠨᠢ ᠣᠨᠣᠪᠴᠢᠲᠠᠶ ᠬᠠᠩᠭᠠᠬᠤ ᠬᠡᠷᠡᠭᠲᠡᠢ ᠂ ᠬᠤᠳᠠᠯ ᠢᠶᠠᠷ ᠮᠡᠳᠡᠭᠦᠯᠬᠦ ᠂ ᠮᠡᠳᠡᠭᠦᠯᠬᠦ

ᠦᠭᠡᠢ ᠨᠢᠭᠤᠬᠤ ᠂ ᠮᠡᠳᠡᠭᠦᠯᠬᠦ ᠶᠢ ᠲᠡᠪᠴᠢᠬᠦ ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ ᠃ ᠡᠭᠦᠨ ᠤ ᠬᠠᠮᠲᠤ

ᠨᠡᠶᠢᠳᠡᠮ ᠪᠠᠶᠢᠴᠠᠭᠠᠭᠴᠢ ᠠᠵᠤ ᠠᠬᠤᠶᠢᠯᠠᠯ ᠪᠠ ᠬᠤᠪᠢ ᠶᠢᠨ ᠡᠷᠦᠬᠡ ᠶᠢᠨ ᠲᠠᠭᠯᠠᠨ ᠮᠡᠳᠡᠭᠦᠯᠦᠭᠰᠡᠨ ᠮᠠᠲ᠋ᠧᠷᠢᠶᠠᠯ ᠢ

ᠦᠨᠳᠦᠰᠦᠯᠡᠨ ᠲᠤᠬᠠᠢ ᠶᠢᠨ ᠲᠠᠯᠠᠪᠤᠷ ᠲᠤᠨᠢ ᠦᠨᠡᠯᠡᠨ ᠬᠠᠷᠭᠤᠭᠤᠯᠵᠤ᠂ ᠨᠡᠶᠢᠳᠡᠮ ᠪᠠᠶᠢᠴᠠᠭᠠᠯᠲᠠ ᠶᠢᠨ

ᠮᠠᠲ᠋ᠧᠷᠢᠶᠠᠯ ᠤᠨ ᠮᠠᠨ ᠤ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠦᠨᠡᠨ ᠪᠣᠳᠠᠲᠠᠢ ᠪᠥᠭᠡᠳ ᠣᠨᠣᠪᠴᠢᠲᠠᠶ᠂ ᠴᠢᠨᠠᠷ

ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠰᠠᠭᠤᠷᠢ

ᠲᠤᠭ᠎ᠠ ᠶᠢ ᠪᠥᠬᠦ ᠲᠠᠯ᠎ᠠ ᠪᠠᠷ ᠲᠣᠳᠣᠷᠬᠠᠢ ᠣᠶᠢᠯᠠᠭᠠᠬᠤ᠂ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ

ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠬᠦᠴᠦᠲᠡᠢ ᠲᠤᠭ᠎ᠠ ᠪᠠᠷᠢᠮᠲᠠ ᠶᠢᠨ

ᠲᠤᠯᠭᠠᠭᠤᠷᠢᠯᠠᠯ ᠬᠠᠩᠭᠠᠬᠤ ᠬᠡᠷᠡᠭᠲᠡᠢ᠃

    ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠤᠭ᠎ᠠ ᠪᠦᠷᠢᠳᠬᠡᠯ ᠤᠨ ᠲᠣᠪᠴᠢᠶᠠᠨ ᠤ

ᠳᠠᠷᠤᠭ᠎ᠠ ᠵᠠᠩ ᠱᠢ ᠶᠢᠩ᠂ ᠴᠠᠩᠱᠦ᠋ᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠵᠢᠢ ᠴᠢᠶᠠᠩ ᠂ ᠲᠤᠭ᠎ᠠ

ᠪᠦᠷᠢᠳᠬᠡᠯ ᠤᠨ ᠲᠣᠪᠴᠢᠶ᠎ᠠ᠂ ᠰᠢᠶᠠᠨ ᠹᠧᠩ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠠᠵᠢᠯᠲᠠᠳ ᠣᠷᠣᠯᠴᠠᠵᠠᠢ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2