ᠡᠪᠯᠡᠯ ᠤᠨ ᠰᠢᠶᠠᠨ ᠤ ᠨᠠᠮ ᠤᠨ ᠬᠤᠷᠢᠶ᠎ᠠ︽ᠵᠠᠯᠠᠭᠤᠴᠤᠳ ᠪᠠᠭᠠᠴᠤᠳ ᠭᠠᠷ ᠢᠶᠠᠨ ᠬᠦᠲᠦᠯᠦᠯᠴᠠᠵᠤ᠂ ᠢᠵᠢᠯ ᠲᠥᠪᠲᠦ ᠲᠣᠭᠤᠷᠢᠭ ᠢ ᠬᠠᠮᠲᠤᠪᠠᠷ ᠵᠢᠷᠤᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ
ᠨᠡᠶᠢᠲᠡᠯᠡᠭᠰᠡᠨ ᠴᠠᠭ᠄
2023/8/17
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠪᠠ ᠳᠤᠮᠳᠠᠳᠤ ᠶᠢᠨ ᠰᠣᠶᠣᠯ ᠤᠨ ᠲᠤᠬᠠᠢ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ ᠂ ᠭᠠᠷ ᠬᠤᠯᠪᠣᠨ ᠡᠷᠡᠭᠦᠯ ᠢᠶᠠᠷ ᠦᠰᠦᠨ ᠪᠣᠶᠢᠵᠢᠵᠤ ᠂ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠶᠢ ᠠᠬᠢᠭᠤᠯᠬᠤ ᠶᠢᠨ ᠲᠥᠯᠥᠭᠡ ᠂ ᠣᠶᠢᠷ᠎ᠠ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ︽ᠵᠠᠯᠠᠭᠤᠴᠤᠳ ᠪᠠᠭᠠᠴᠤᠳ ᠭᠠᠷ ᠢᠶᠠᠨ ᠬᠦᠲᠦᠯᠦᠯᠴᠠᠵᠤ ᠂ ᠢᠵᠢᠯᠢ ᠲᠥᠪᠲᠦ ᠲᠣᠭᠤᠷᠢᠭ ᠢ ᠬᠠᠮᠲᠤ ᠪᠠᠷ ᠵᠢᠷᠤᠶ᠎ᠠ︾ ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠸᠠᠳᠧ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ︽ᠨᠤᠲᠤᠭ ᠲᠠᠭᠠᠨ ᠪᠤᠴᠠᠭᠰᠠᠨ︾ ᠣᠶᠤᠲᠠᠳ ᠲᠣᠰ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠵᠠᠢ᠃

10.jpg

    ᠠᠵᠢᠯᠯᠠᠭ᠎ᠠ ᠶᠢᠨ ᠳᠤᠮᠳᠠ᠂ ︽ ᠲᠣᠮᠤ ᠨᠠᠶᠢᠵᠠ︾ ᠪᠣᠯᠣᠨ ︽ᠪᠢᠴᠢᠬᠠᠨ ᠨᠠᠶᠢᠵᠠ︾ ᠬᠠᠮᠲᠤ ᠪᠠᠷ ︽ᠭᠤᠷᠪᠠᠨ

ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠭᠰᠠᠨ ᠨᠢ︾᠂ ︽ᠵᠣᠣ ᠵᠢᠶᠦ᠋ᠨ ᠪᠣᠭᠤᠮᠲᠠ ᠠᠴᠠ ᠭᠠᠷᠤᠭᠰᠠᠨ

 ᠨᠢ︾᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ

ᠪᠦᠲᠦᠭᠡᠨ ᠪᠠᠶᠢᠭᠤᠯᠤᠭᠰᠠᠨ ᠨᠢ︾᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠵᠡᠷᠭᠡ

ᠥᠯᠢᠭᠡᠷ ᠢ ᠶᠠᠷᠢᠵᠠᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠨᠠᠷ ᠤᠨ ᠦᠷ᠎ᠡ ᠰᠢᠭ ᠨᠢᠭᠲᠠ ᠲᠡᠪᠡᠷᠢᠯᠳᠦᠵᠦ

ᠪᠠᠶᠢᠬᠤ ᠶᠢ ᠠᠮᠢᠳᠤᠯᠢᠭ ᠢᠶᠠᠷ ᠢᠯᠡᠷᠡᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠵᠦ ᠂ ᠬᠠᠮᠲᠤ ᠪᠠᠷ ᠴᠡᠴᠡᠭᠯᠡᠨ ᠬᠥᠭᠵᠢᠬᠦ

ᠵᠢᠷᠤᠭ ᠳᠦᠷᠰᠦ ᠨᠢ ᠢᠳᠡᠪᠬᠢᠲᠡᠢ ᠪᠠᠷ ᠥᠭᠡᠳᠡᠯᠡᠨ ᠲᠠᠪᠰᠢᠬᠤ ᠂ ᠰᠠᠶᠢᠨ ᠰᠠᠶᠢᠬᠠᠨ ᠢ ᠬᠥᠭᠡᠭᠡᠴᠡᠯᠳᠦᠬᠦ ᠦᠨᠳᠦᠰᠦᠲᠡᠨ ᠤ

ᠪᠦᠯᠬᠦᠮᠳᠡᠯ ᠤᠨ ᠦᠢᠯᠡ ᠠᠵᠢᠯᠯᠠᠭ᠎ᠠ ᠶᠢ ᠤᠬᠠᠭᠤᠯᠵᠤ ᠂ ᠦᠨᠳᠦᠰᠦᠲᠡᠨ ᠨᠦᠭᠦᠳ ᠤᠨ ᠠᠬ᠎ᠠ ᠳᠡᠭᠦᠦ ᠬᠤᠭᠤᠷᠣᠨᠳᠤ ᠪᠠᠨ

ᠳᠣᠲᠣᠨᠣᠴᠢᠯᠠᠬᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠂ ᠪᠦᠯᠬᠦᠮᠳᠡᠨ ᠨᠥᠬᠦᠷᠯᠡᠬᠦ ᠵᠣᠷᠢᠭ ᠰᠠᠨᠠᠭ᠎ᠠ ᠶᠢ

ᠢᠯᠡᠷᠡᠭᠦᠯᠵᠦ ᠂ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ ᠢ ᠤᠯᠠᠨ ᠳᠤ ᠤᠯᠠᠮ ᠨᠢᠭᠡ ᠠᠯᠬᠤᠮ

ᠣᠶᠢᠯᠠᠭᠠᠭᠤᠯᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠬᠦᠭ ᠠᠶᠠᠰ ᠢ ᠬᠠᠩᠭᠢᠨᠠᠭᠤᠯᠤᠭᠰᠠᠨ ᠪᠠᠶᠢᠨ᠎ᠠ᠃

11.jpg

    ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠬᠠᠷᠢᠯᠴᠠᠨ ᠨᠢᠭᠤᠷᠳᠡᠯᠴᠡᠵᠦ᠂ ᠭᠠᠷ ᠭᠠᠷ ᠢᠶᠠᠨ ᠬᠤᠯᠪᠣᠯᠴᠠᠬᠤ

ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ

ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠠᠨᠠᠷ ᠤᠨ ᠦᠷ᠎ᠡ ᠰᠢᠭ

ᠨᠢᠭᠲᠠᠷᠠᠨ ᠪᠦᠯᠬᠦᠮᠳᠡᠬᠦ ᠶᠢ ᠬᠥᠲᠥᠯᠥᠨ ᠵᠢᠯᠤᠭᠤᠳᠴᠤ᠂ ᠦᠨᠳᠦᠰᠦᠲᠡᠨ ᠤ ᠪᠦᠯᠬᠦᠮᠳᠡᠯ᠂ ᠳᠤᠮᠳᠠᠳᠤ ᠪᠠᠨ ᠬᠠᠶᠢᠷᠠᠯᠠᠬᠤ

ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠴᠡᠴᠡᠭᠯᠡᠭᠦᠯᠦᠨ

ᠵᠢᠮᠢᠰᠯᠡᠭᠦᠯᠬᠦ ᠶᠢᠨ ᠲᠥᠯᠥᠭᠡ ᠶᠤᠮ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2