ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠠᠮᠲᠤᠷᠠᠨ ︽ᠭᠤᠣᠯ ᠤᠨ ᠤᠰᠤᠨ ᠳᠤ ᠵᠢᠪᠬᠦ ᠶᠢ ᠴᠠᠭᠳᠠᠨ ᠪᠠᠶᠢᠴᠠᠭᠠᠵᠤ ᠰᠡᠷᠭᠡᠶᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/2
    ᠥᠷᠭᠡᠨ ᠤᠯᠠᠨ ᠵᠠᠯᠠᠭᠤᠴᠤᠳ ᠪᠠᠭᠠᠴᠤᠳ ᠵᠢᠴᠢ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠦᠨᠡᠨ ᠬᠦ ᠴᠢᠩᠭᠠᠳᠬᠠᠵᠤ ᠂ ᠤᠰᠤᠨ ᠳᠤ ᠴᠠᠴᠠᠬᠤ ᠡ᠊ᠨᠳᠡᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠵᠦ ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠂ 8 ᠰᠠᠷ᠎ᠠ ᠶᠢᠨ 2 ᠤᠨ ᠡᠳᠦᠷ ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠠᠮᠲᠤᠷᠠᠨ ︽ ᠭᠤᠣᠯ ᠤᠨ ᠤᠰᠤᠨ ᠳᠤ ᠵᠢᠪᠬᠦ ᠶᠢ ᠴᠠᠭᠳᠠᠨ ᠪᠠᠶᠢᠴᠠᠭᠠᠵᠤ ᠰᠡᠷᠭᠡᠶᠢᠯᠡᠬᠦ ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ᠬᠡᠰᠡᠭ ᠰᠠᠶᠢᠨ ᠳᠤᠷ᠎ᠠ ᠶᠢᠨ ᠵᠠᠯᠠᠭᠤᠴᠤᠳ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠵᠠᠢ ᠃

01.png

    ᠰᠠᠶᠢᠨ ᠳᠤᠷᠠᠴᠤᠳ ᠰᠢᠶᠠᠨ ᠤ ᠳ᠋ᠦᠩ ᠬᠤ᠋ ᠴᠡᠴᠡᠷᠯᠢᠭ ᠲᠤ ᠬᠦᠷᠴᠦ ᠂ ᠭᠤᠣᠯ ᠤᠨ ᠵᠠᠮ ᠢᠶᠠᠷ ᠲᠣᠭᠤᠷᠢᠨ ᠪᠠᠶᠢᠴᠠᠭᠠᠵᠤ ᠂

ᠤᠰᠤᠨ ᠳᠤ ᠵᠢᠪᠬᠦ ᠠᠳᠡᠯ ᠠᠮᠠᠷᠬᠠᠨ ᠭᠠᠷᠬᠤ ᠠᠶᠤᠯᠲᠠᠢ ᠤᠰᠤᠨ ᠤ ᠴᠠᠷᠠᠭ᠎ᠠ ᠶᠢ ᠭᠤᠣᠯᠳᠠᠯᠭ᠎ᠠ ᠲᠠᠢ ᠪᠠᠷ ᠲᠣᠭᠤᠷᠢᠨ

ᠵᠢᠭᠰᠠᠭᠠᠨ ᠪᠠᠶᠢᠴᠠᠭᠠᠵᠤ ᠂ ᠬᠦᠪᠡᠭᠡ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠪᠣᠯᠣᠨ ᠤᠰᠤᠨ ᠳᠤ ᠵᠢᠪᠬᠦ ᠶᠢ ᠰᠡᠷᠭᠡᠶᠢᠯᠡᠬᠦ

ᠰᠡᠷᠡᠮᠵᠢ ᠶᠢᠨ ᠫᠠᠶᠢᠰᠠ ᠪᠣᠰᠬᠠᠭᠰᠠᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠵᠠᠢ ᠃ ᠤᠯᠠᠨ ᠲᠦᠮᠡᠨ ᠤ ᠳᠤᠷ᠎ᠠ ᠪᠠᠷ ᠢᠶᠠᠨ

ᠬᠤᠭ ᠨᠣᠪᠰᠢ ᠬᠠᠶᠠᠬᠤ ᠂ ᠭᠤᠣᠯ ᠤᠨ ᠬᠠᠰᠢᠯᠭ᠎ᠠ ᠪᠠᠷ ᠬᠡᠭᠡᠷ᠎ᠡ ᠬᠤᠭᠤᠯᠠᠯᠠᠬᠤ ᠂ ᠡᠷᠭᠢ ᠳᠠᠭᠠᠤ ᠵᠢᠭᠠᠰᠤ ᠭᠥᠬᠢᠳᠡᠬᠦ ᠂ 

ᠨᠣᠴᠤᠯᠳᠤᠨ ᠨᠠᠭᠠᠳᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠲᠤᠬᠠᠢ ᠶᠢᠨ ᠲᠠᠯᠠᠪᠤᠷ ᠲᠤᠨᠢ ᠢᠳᠬᠠᠨ

ᠬᠤᠷᠢᠭᠯᠠᠵᠤ ᠂ ᠠᠶᠤᠯᠲᠠᠢ ᠤᠰᠤᠨ ᠣᠷᠣᠨ ᠠᠴᠠ ᠬᠤᠯᠠ ᠵᠠᠶᠢᠳᠠᠭᠤ ᠪᠠᠶᠢᠯᠭᠠᠪᠠ᠃

02.png

    ᠡᠭᠦᠨ ᠤ ᠬᠠᠮᠲᠤ ᠴᠡᠴᠡᠷᠯᠢᠭ ᠲᠤ ᠢᠷᠡᠭᠰᠡᠨ ᠨᠠᠰᠤᠨ ᠳᠤ ᠥᠯᠥ ᠬᠦᠷᠦᠭᠰᠡᠳ ᠪᠠ ᠭᠡᠷ ᠤᠨ ᠠᠬᠠᠮᠠᠳ ᠲᠤ ᠤᠰᠤᠨ ᠳᠤ

ᠵᠢᠪᠬᠦ ᠠᠴᠠ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠳᠤ ᠤᠰᠤᠨ ᠳᠤ

ᠵᠢᠪᠬᠦ ᠠᠴᠠ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠬᠤ ᠶᠢ ᠰᠠᠨᠠᠭᠤᠯᠵᠤ᠂ ᠬᠠᠷᠠᠭᠠᠯᠵᠠᠨ ᠬᠠᠮᠠᠭᠠᠯᠠᠬᠤ

ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠡᠦᠬᠡᠳ ᠤᠨ ᠵᠣᠨ ᠤ ᠠᠮᠠᠷᠠᠯᠲᠠ ᠶᠢᠨ

ᠬᠤᠭᠤᠴᠠᠭᠠᠨ ᠳᠠᠬᠢ ᠤᠰᠤᠨ ᠳᠤ ᠵᠢᠪᠬᠦ ᠠᠴᠠ ᠰᠡᠷᠭᠡᠶᠢᠯᠡᠬᠦ ᠬᠥᠮᠦᠵᠢᠯ ᠵᠢᠴᠢ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠪᠡ᠃ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠡᠷᠭᠢ

ᠳᠠᠭᠠᠤ ᠶᠢᠨ ᠭᠤᠣᠯ ᠤᠨ ᠬᠥᠪᠡᠭᠡᠨ ᠤ ᠰᠦᠯᠢᠶᠥᠦ ᠤᠭᠤᠲᠠ᠂ ᠴᠠᠭᠠᠰᠤ ᠵᠡᠷᠭᠡ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ ᠂

ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠬᠤ ᠳᠤ ᠵᠠᠯᠠᠭᠤ

ᠨᠠᠰᠤᠨ ᠤ ᠬᠦᠴᠦᠨ ᠴᠢᠳᠠᠯ ᠢᠶᠠᠨ ᠡᠷᠭᠦᠵᠡᠢ᠃

03.png

    ᠲᠣᠰ ᠤᠳᠠᠭᠠᠨ ᠤ ᠭᠤᠣᠯ ᠴᠠᠭᠳᠠᠬᠤ ᠠᠵᠢᠯᠯᠠᠭ᠎ᠠ ᠨᠢ ᠥᠷᠭᠡᠨ ᠣᠯᠠᠨ ᠵᠠᠯᠠᠭᠤᠴᠤᠳ ᠪᠠᠭᠠᠴᠤᠳ᠂ ᠬᠡᠦᠬᠡᠳ ᠤᠨ

ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠣᠯᠣᠨ ᠭᠡᠷ ᠤᠨ ᠠᠬᠠᠮᠠᠳ ᠤᠨ ᠬᠢᠨᠠᠨ ᠬᠠᠮᠢᠶᠠᠷᠬᠤ

ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠠᠮᠢ ᠨᠠᠰᠤᠨ ᠤ ᠠᠮᠤᠷ ᠲᠦᠪᠰᠢᠨ ᠢ

ᠬᠠᠮᠠᠭᠠᠯᠠᠬᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤᠨ ᠳᠤ ᠵᠢᠪᠬᠦ ᠠᠴᠠ ᠰᠡᠷᠭᠡᠶᠢᠯᠡᠬᠦ ᠭᠦᠨ

ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃

    ᠲᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠨᠠᠩ ᠣᠯᠠᠨ ᠨᠡᠶᠢᠭᠡᠮ ᠤᠨ ᠬᠠᠶᠢᠷ᠎ᠠ

ᠬᠠᠯᠠᠮᠵᠢ ᠶᠢᠨ ᠬᠦᠴᠦᠨ᠂ ᠨᠤᠲᠤᠭ ᠲᠠᠭᠠᠨ ᠪᠤᠴᠠᠭᠰᠠᠨ ᠣᠶᠤᠲᠠᠳ ᠢ ᠳᠠᠶᠢᠴᠢᠯᠠᠨ ᠵᠣᠨ ᠤ ᠠᠮᠠᠷᠠᠯᠲᠠ ᠶᠢᠨ

ᠬᠤᠭᠤᠴᠠᠭᠠᠨ ᠤ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯᠯᠠᠭ᠎ᠠ ᠳᠤ ᠣᠷᠣᠯᠴᠠᠭᠤᠯᠵᠤ᠂ ᠠᠵᠢᠯᠯᠠᠭ᠎ᠠ ᠶᠢᠨ ᠬᠡᠯᠪᠡᠷᠢ ᠶᠢ

ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ

ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠵᠠᠯᠠᠭᠤᠴᠤᠳ ᠪᠠᠭᠠᠴᠤᠳ ᠤᠨ ᠠᠮᠤᠷ

ᠲᠦᠪᠰᠢᠨ ᠢᠶᠠᠷ ᠦᠰᠦᠨ ᠪᠣᠶᠢᠵᠢᠬᠤ ᠶᠢ ᠬᠠᠮᠠᠭᠠᠯᠠᠵᠤ᠂ ᠠᠮᠤᠷ ᠠᠮᠤᠭᠤᠯᠠᠩ ᠬᠤᠸᠠᠳᠧ ᠶᠢ ᠡᠭᠦᠳᠦᠨ ᠪᠠᠶᠢᠭᠤᠯᠬᠤ ᠳᠤ

ᠬᠦᠴᠦᠨ ᠴᠢᠳᠠᠯ ᠢᠶᠠᠨ ᠡᠷᠭᠦᠨ᠎ᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2