ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠬᠠᠷᠢᠶ᠎ᠠ ᠣᠷᠣᠨ ᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠠᠵᠢᠯ ᠢ ᠬᠢᠨᠠᠨ ᠵᠢᠯᠤᠭᠤᠳᠪᠡ
ᠨᠡᠶᠢᠲᠡᠯᠡᠭᠰᠡᠨ ᠴᠠᠭ᠄
2023/8/20
    8 ᠰᠠᠷ᠎ᠠ ᠶᠢᠨ 19 ᠤ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠬᠠᠷᠢᠶ᠎ᠠ ᠣᠷᠣᠨ ᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠠᠵᠢᠯ ᠢ ᠬᠢᠨᠠᠨ‌ᠵᠢᠯᠤᠭᠤᠳᠪᠡ ᠃
01.jpg
    ᠳ᠋ᠢᠶᠣᠣ ᠴᠦᠨ ᠬᠠᠢ ᠤᠷᠢᠳ ᠬᠤᠵᠢᠳ  ᠶᠢᠨ ᠰᠠᠨ ᠵᠢᠶᠣᠣ ᠶᠢᠨ ᠦᠶᠡᠷ ᠢ ᠰᠡᠷᠭᠡᠶᠢᠯᠡᠬᠦ ᠭᠤᠸ᠂ G510 ︵ᠲᠤᠰᠠᠯᠠᠬᠤ ᠵᠠᠮ︶ ᠪᠣᠯᠣᠨ G511 ︵ ᠬᠤᠸᠠᠳᠧ ᠠᠴᠠ ᠴᠢᠭᠤᠯᠤᠯᠲᠦ ᠬᠠᠭᠠᠯᠭ᠎ᠠ ᠬᠦᠷᠬᠦ ᠱᠤᠭᠤᠮ︶ ᠤᠨ ᠠᠭᠤᠯᠵᠠᠷ᠂ G510 ︵ᠲᠤᠰᠠᠯᠠᠬᠤ ᠵᠠᠮ︶ ᠪᠣᠯᠣᠨ ᠬᠤᠸᠠᠳᠧ ᠺᠠᠩ ᠪᠣᠦ ᠬᠦᠷᠬᠦ ᠱᠤᠭᠤᠮ ᠤᠨ ᠠᠭᠤᠯᠵᠠᠷ ᠵᠡᠷᠭᠡ ᠴᠡᠭ ᠪᠠᠶᠢᠷᠢ ᠶᠢᠨ ᠵᠠᠮ ᠤᠨ ᠬᠡᠰᠡᠭ ᠢᠶᠠᠷ ᠭᠦᠨᠵᠡᠭᠡᠶᠢᠷᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃

02.jpg

    ᠪᠠᠶᠢᠴᠠᠭᠠᠯᠲᠠ ᠶᠢᠨ ᠳᠤᠮᠳᠠ᠂ ᠳ᠋ᠢᠶᠣᠣ ᠴᠦᠨ ᠬᠠᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠪᠠ ᠵᠠᠮ

ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ

ᠮᠡᠳᠡᠭᠦᠯᠦᠯᠲᠡ ᠶᠢ ᠨᠠᠷᠢᠨ ᠨᠢᠮᠪᠠᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ

ᠶᠡᠭᠡ ᠠᠩᠭᠢ ᠶᠢᠨ ᠥᠷᠨᠢᠭᠦᠯᠦᠭᠰᠡᠨ ᠬᠤᠲᠠ ᠶᠢᠨ ᠲᠣᠭᠤᠷᠢᠭ ᠤᠨ ᠡᠮᠬᠢ ᠵᠢᠷᠤᠮ ᠢ ᠴᠡᠭᠴᠡᠯᠡᠨ ᠵᠠᠰᠠᠬᠤ᠂ ᠰᠥᠨᠢ ᠶᠢᠨ

ᠪᠠᠶᠢᠴᠠᠭᠠᠯᠲᠠ ᠶᠢᠨ ᠨᠢᠭᠡᠳᠦᠯᠲᠡᠢ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠨᠤᠲᠠᠯᠠᠬᠤ ᠶᠢᠨ ᠬᠠᠮᠲᠤ ᠲᠠᠷᠠᠭᠠᠴᠢ ᠶᠢᠨ

ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃

    ᠳ᠋ᠢᠶᠣᠣ ᠴᠦᠨ ᠬᠠᠢ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠠᠰᠠᠬᠤ

ᠠᠵᠢᠯ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠰᠢᠰᠲ᠋ᠧᠮᠲᠦ ᠢᠨᠵᠧᠨᠧᠷᠢᠩ ᠮᠥᠨ᠂ ᠲᠡᠷᠡ ᠨᠢ ᠠᠷᠠᠳ ᠣᠯᠠᠨ ᠤ

ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ

ᠬᠤᠯᠪᠣᠭᠳᠠᠵᠤ᠂ ᠬᠠᠷᠢᠭᠤᠴᠠᠯᠭ᠎ᠠ ᠬᠦᠨᠳᠦ ᠶᠡᠭᠡ ᠪᠠᠶᠢᠳᠠᠭ᠃ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ

ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠲᠥᠷᠥ ᠶᠢᠨ ᠶᠠᠪᠤᠳᠠᠯ ᠤᠨ ᠬᠤᠷᠢᠶ᠎ᠠ᠂

ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠬᠤᠷᠠᠯ ᠵᠢᠴᠢ ᠰᠢᠶᠠᠨ ᠤ ᠠᠶᠤᠯᠭᠦᠢ

ᠦᠢᠯᠡᠳᠪᠦᠷᠢᠯᠡᠯ ᠤᠨ ᠵᠥᠪᠯᠡᠯ ᠤᠨ ᠶᠢᠰᠦᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ  ᠶᠢ ᠬᠢᠨᠠᠮᠠᠭᠠᠢ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ ᠂ ︽ᠠᠶᠤᠯᠭᠦᠢ

ᠪᠠᠶᠢᠬᠤ ᠶᠢ ᠲᠡᠷᠢᠭᠦᠨ ᠳᠤ ᠲᠠᠯᠪᠢᠵᠤ ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠠᠵᠢᠯ ᠤᠨ ᠴᠢᠭᠯᠡᠯᠲᠡ ᠶᠢ

ᠢᠮᠠᠭᠲᠠ ᠪᠠᠷᠢᠮᠲᠠᠯᠠᠵᠤ ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ

ᠬᠡᠷᠡᠭᠯᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭ᠎ᠠ ᠠᠳᠬᠤᠨ ᠰᠠᠶᠢᠲᠤᠷ ᠠᠳᠬᠤᠵᠤ ᠂

ᠨᠠᠷᠢᠨ ᠪᠥᠭᠡᠳ ᠬᠠᠲᠠᠭᠤ ᠠᠷᠭ᠎ᠠ ᠬᠡᠮᠵᠢᠶ᠎ᠡ ᠪᠠᠷ ᠠᠶᠤᠯ ᠢ ᠰᠡᠷᠭᠡᠶᠢᠯᠡᠵᠦ ᠂ ᠲᠠᠯᠳᠠ ᠭᠡᠮ ᠢ ᠠᠷᠢᠯᠭᠠᠨ᠂ ᠡ᠊ᠨᠳᠡᠯ ᠢ

ᠬᠤᠷᠢᠭᠯᠠᠵᠤ ᠂ ᠪᠦᠬᠦ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠥᠭᠡᠳ ᠡᠮᠬᠢ

ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ 

    ᠳ᠋ᠢᠶᠣᠣ ᠴᠦᠨ ᠬᠠᠢ ᠱᠠᠭᠠᠷᠳᠠᠭᠰᠠᠨ ᠨᠢ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ

ᠲᠠᠯ᠎ᠠ ᠪᠠᠷ ᠴᠢᠩᠭᠠᠳᠬᠠᠵᠤ᠂ ᠵᠠᠮ ᠤᠨ ᠬᠡᠰᠡᠭ ᠤᠨ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠨ

᠂ ᠵᠠᠮ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠳᠡᠯ ᠭᠠᠷᠬᠤ ᠶᠢ ᠰᠡᠷᠭᠡᠶᠢᠯᠡᠬᠦ᠂

ᠠᠮᠤᠷ ᠲᠦᠪᠰᠢᠨ ᠢ ᠪᠠᠲᠤᠯᠠᠬᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠡᠯ᠎ᠡ ᠵᠦᠢᠯ ᠤᠨ ᠠᠵᠢᠯ ᠢ ᠪᠥᠬᠦ

ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠣᠲᠣ ᠶᠢᠨ ᠪᠠᠶᠢᠭ᠎ᠠ ᠪᠡᠯᠡᠳᠬᠡᠮᠵᠢ ᠨᠢ ᠵᠢᠷᠤᠮᠵᠢᠯ ᠤᠨ ᠱᠠᠭᠠᠷᠳᠠᠯᠭ᠎ᠠ ᠳᠤ

ᠨᠡᠶᠢᠴᠡᠬᠦ ᠦᠭᠡᠢ᠂ ᠪᠡᠯᠡᠳᠬᠡᠮᠵᠢ ᠦᠭᠡᠢ ᠲᠡᠭᠰᠢ ᠣᠭᠲᠣᠯᠣᠯᠴᠠᠬᠤ ᠵᠠᠮ ᠤᠨ ᠠᠭᠤᠯᠵᠠᠷ᠂ ᠵᠠᠮ ᠤᠨ ᠬᠡᠰᠡᠭ ᠵᠡᠷᠭᠡ ᠶᠢ

ᠳᠠᠷᠤᠶᠢᠬᠠᠨ ᠭᠠᠳᠠᠭᠰᠢᠯᠠᠭᠤᠯᠵᠤ ᠳᠠᠷᠤᠶᠢᠬᠠᠨ ᠥᠭᠡᠷᠡᠴᠢᠯᠡᠵᠦ᠂ ᠰᠡᠷᠡᠮᠵᠢ ᠶᠢᠨ ᠲᠡᠮᠳᠡᠭ᠂ ᠵᠠᠮ ᠬᠠᠷᠢᠯᠴᠠᠭᠠᠨ ᠤ ᠳᠣᠬᠢᠶᠠᠨ

ᠳ᠋ᠧᠩ᠂ ᠬᠤᠷᠳᠤᠴᠠ ᠪᠠᠭᠤᠷᠠᠭᠤᠯᠬᠤ ᠪᠦᠰᠡ ᠵᠡᠷᠭᠡ ᠵᠠᠮ ᠬᠠᠷᠢᠯᠴᠠᠭᠠᠨ ᠤ ᠪᠡᠯᠡᠳᠬᠡᠮᠵᠢ ᠶᠢ ᠵᠦᠢ ᠵᠣᠬᠢᠰᠲᠠᠢ ᠪᠠᠶᠢᠷᠢᠯᠠᠭᠤᠯᠵᠤ

᠂ ᠴᠠᠭᠳᠠᠨ ᠪᠠᠶᠢᠴᠠᠭᠠᠬᠤ ᠪᠠ ᠡᠳᠦᠷ ᠲᠤᠲᠤᠮ ᠤᠨ ᠬᠠᠮᠠᠭᠠᠯᠠᠯᠲᠠ ᠶᠢ ᠴᠢᠩᠭᠠᠳᠬᠠᠨ᠂ ᠣᠯᠠᠨ ᠲᠦᠮᠡᠨ ᠤ ᠶᠠᠪᠤᠵᠤ

ᠰᠠᠭᠤᠬᠤ ᠳᠤ ᠲᠥᠬᠦᠮ ᠨᠥᠬᠦᠴᠡᠯ ᠬᠠᠩᠭᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ

ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠵᠢᠭᠰᠠᠭᠠᠨ ᠪᠠᠶᠢᠴᠠᠭᠠᠵᠤ

ᠭᠠᠷᠭᠠᠭᠰᠠᠨ ᠳᠠᠯᠳᠠ ᠬᠡᠮ ᠳᠤ ︽ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠭᠠᠷᠭᠠᠵᠤ᠂ ᠬᠠᠮᠢᠶ᠎ᠠ ᠪᠦᠬᠦᠢ

ᠰᠠᠯᠠᠭ᠎ᠠ ᠮᠥᠴᠢᠷ᠂ ᠠᠵᠤ ᠠᠬᠤᠶᠢᠯᠠᠯ ᠢ ᠴᠠᠭ ᠲᠤᠬᠠᠢ ᠳᠤᠨᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠵᠤ᠂

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠠᠮ ᠳᠡᠭᠡᠷᠡᠬᠢ

ᠴᠠᠭᠳᠠᠭᠠᠨ ᠤ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠵᠠᠮ ᠤᠨ ᠬᠡᠰᠡᠭ ᠵᠢᠴᠢ ᠤᠯᠤᠰ

ᠮᠤᠵᠢ ᠶᠢᠨ ᠭᠤᠣᠯ ᠵᠠᠮ ᠤᠨ ᠴᠠᠭᠳᠠᠨ ᠲᠣᠭᠤᠷᠢᠬᠤ ᠬᠠᠮᠢᠶᠠᠷᠤᠯᠲᠠ ᠡᠵᠡᠮᠳᠡᠯ ᠤᠨ ᠠᠵᠢᠯ ᠢ ᠴᠢᠩᠭᠠᠳᠬᠠᠵᠤ᠂ ᠲᠡᠷᠭᠡᠨ ᠤ

ᠴᠤᠪᠤᠷᠠᠯ ᠤᠨ ᠬᠥᠮᠥᠨ ᠠᠮᠠ ᠶᠢᠨ ᠴᠤᠪᠤᠷᠠᠯ ᠤᠨ ᠬᠡᠮᠵᠢᠶ᠎ᠡ ᠶᠡᠭᠡ᠂ ᠠᠮᠠᠷᠬᠠᠨ ᠲᠦᠭᠵᠢᠷᠡᠬᠦ ᠵᠠᠮ ᠤᠨ ᠬᠡᠰᠡᠭ ᠲᠤ ᠵᠠᠮ

ᠬᠠᠷᠢᠯᠴᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠲᠡᠷᠭᠡᠨ ᠳᠡᠭᠡᠷ᠎ᠡ ᠪᠦᠷᠢᠶ᠎ᠡ ᠪᠠᠷ ᠤᠬᠠᠭᠤᠯᠬᠤ᠂ ᠬᠠᠰᠬᠢᠷᠤᠨ

ᠰᠠᠨᠠᠭᠤᠯᠬᠤ᠂ ᠰᠡᠷᠡᠮᠵᠢ ᠶᠢᠨ ᠳ᠋ᠧᠩ ᠠᠰᠠᠭᠠᠬᠤ᠂ ᠰᠡᠷᠡᠮᠵᠢ ᠶᠢᠨ ᠳᠣᠬᠢᠶ᠎ᠠ ᠳᠤᠤᠭᠠᠷᠭᠠᠬᠤ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ ︽ᠴᠠᠭᠳᠠᠭ᠎ᠠ ᠲᠠᠢ ᠬᠠᠷᠭᠤᠬᠤ ᠂ ᠴᠠᠭᠳᠠᠭᠠᠨ ᠤ ᠲᠡᠷᠭᠡ ᠲᠠᠢ ᠬᠠᠷᠭᠤᠬᠤ᠂ ᠰᠡᠷᠡᠮᠵᠢ ᠶᠢᠨ ᠳ᠋ᠧᠩ ᠲᠠᠢ 

ᠬᠠᠷᠭᠤᠬᠤ︾ ᠶᠢ ᠦᠨᠡᠨᠬᠦ ᠪᠡᠶᠡᠯᠡᠭᠦᠯᠵᠦ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ

ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ ᠰᠢᠳᠭᠡᠵᠦ ᠴᠢᠩᠭ᠎ᠠ ᠰᠢᠢᠳᠪᠦᠷᠢᠯᠡᠨ᠂ ᠡᠯ᠎ᠡ ᠲᠥᠷᠥᠯ ᠤᠨ ᠵᠠᠮ

ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠳᠤᠲᠠᠭᠠᠬᠤ ᠭᠠᠵᠠᠷ ᠦᠭᠡᠢ ᠪᠣᠯᠭᠠᠵᠤ᠂ ᠵᠠᠮ

ᠬᠠᠷᠢᠯᠴᠠᠭᠠᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠴᠡᠪᠡᠷᠰᠢᠭᠦᠯᠬᠦ ᠬᠡᠷᠡᠭᠲᠡᠢ᠃

    ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ

ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ

ᠳᠠᠭᠠᠯᠳᠤᠭᠤᠯᠤᠨ ᠪᠠᠶᠢᠴᠠᠭᠠᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2