ᠵᠠᠰᠠᠭ ᠤᠨ ᠣᠷᠳᠣᠨ ᠲᠠᠷᠬᠠᠭᠠᠭᠰᠠᠨ〔2023〕ᠬᠤᠸᠠᠳᠧ ᠵᠠᠰᠠᠭ ᠲᠠᠷᠬᠠᠭᠠᠭᠰᠠᠨ〔2023〕75 | ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠪᠠ | ᠡᠯ᠎ᠡ ᠠᠷᠠᠳ ᠤᠨ ᠪᠦᠯᠬᠦᠮ ᠳᠤ ᠄ | ︽ᠬᠤᠸᠠᠳᠧ ᠰᠢᠶᠠᠨ ᠤ ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠨ | ᠬᠤᠷᠢᠭᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ 2023 ᠣᠨ ᠤ 8 ᠳ᠋ᠤᠭᠠᠷ | ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠪᠠ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ | 2023 ᠤᠨ 8 ᠰᠠᠷ᠎ᠠ ᠶᠢᠨ 18 ᠤ ᠡᠳᠦᠷ | ᠬᠤᠸᠠᠳᠧ ᠰᠢᠶᠠᠨ ᠤ ᠲᠠᠷᠢᠶᠠᠨ ᠭᠠᠵᠠᠷ ᠤᠨ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ | ᠬᠤᠷᠢᠭᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ | ︽ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠨ ᠠᠮᠤ ᠪᠤᠳᠠᠭᠠᠨ ᠤ | ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ︶ ᠪᠠ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠪᠣᠯᠭᠠᠬᠤ﹀ ᠶᠢ | ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠥᠯ﹀ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 11 ᠳ᠋ᠦ᠋ᠭᠡᠷ ᠲᠣᠭᠠᠲᠤ︶ | ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠲᠠᠷᠢᠶᠠᠨ ᠭᠠᠵᠠᠷ ᠢ | ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠵᠦ ᠂ ᠠᠮᠤ ᠪᠤᠳᠠᠭᠠᠨ ᠤ ᠦᠢᠯᠡᠳᠪᠦᠷᠢᠯᠡᠯ ᠢ ᠦᠨᠡᠨ ᠬᠦ | ᠲᠣᠭᠲᠠᠪᠤᠷᠢᠵᠢᠭᠤᠯᠵᠤ ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ | ᠲᠥᠰᠥᠯ ᠢ ᠲᠣᠭᠲᠠᠭᠠᠪᠠ ᠃ | ᠨᠢᠭᠡ᠂ ᠶᠡᠷᠦᠩᠬᠡᠢ ᠱᠠᠭᠠᠷᠳᠠᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠦᠨᠡᠨ ᠬᠦ ᠪᠠᠲᠤᠯᠠᠬᠤ ᠶᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠡᠷᠢᠭᠦᠨ | ᠴᠢᠬᠤᠯᠠ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠮᠠᠨ ᠤ ᠰᠢᠶᠠᠨ ᠤ ᠠᠮᠤ ᠪᠤᠳᠠᠭᠠᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ | ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠶᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢᠨ ᠤᠷᠢᠲᠠᠯ ᠪᠣᠯᠭᠠᠵᠤ ᠂ ᠠᠮᠤ ᠪᠤᠳᠠᠭᠠᠨ ᠤ ᠲᠠᠷᠢᠮᠠᠯ ᠤᠨ ᠣᠷᠣᠨ ᠪᠦᠰᠡ ᠶᠢᠨ | ᠪᠠᠶᠢᠷᠢᠰᠢᠯ ᠪᠠ ᠳᠣᠲᠣᠭᠠᠳᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ ᠂ ᠲᠠᠷᠢᠶᠠᠨ ᠭᠠᠵᠠᠷ ᠢ ᠬᠠᠮᠠᠭᠠᠯᠠᠬᠤ | ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ ᠂ ᠲᠠᠷᠢᠶᠠᠨ ᠭᠠᠵᠠᠷ ᠤᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠪᠠᠷ ᠠᠰᠢᠭᠯᠠᠵᠤ ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠡᠷᠡᠰ ᠰᠡᠷᠭᠡᠶᠢᠯᠡᠨ᠎ᠡ ᠃ | ᠬᠤᠶᠠᠷ ᠂ ᠭᠤᠣᠯᠳᠠᠯᠭ᠎ᠠ ᠲᠠᠢ ᠠᠵᠢᠯ | ︵ᠨᠢᠭᠡ︶ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢᠨ ᠴᠢᠬᠤᠯᠠ ᠴᠢᠨᠠᠷ ᠢ | ᠭᠦᠢᠴᠡᠳ ᠲᠠᠨᠢᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ | ᠲᠠᠷᠢᠶᠠᠯᠠᠩ ᠤᠨ ᠪᠤᠰᠤ ᠪᠣᠯᠭᠠᠵᠤ ᠪᠣᠯᠬᠤ ᠦᠭᠡᠢ᠂ ᠰᠠᠶᠢᠨ ᠲᠠᠷᠢᠶᠠᠨ ᠭᠠᠵᠠᠷ ᠢ ᠠᠮᠤ ᠪᠤᠳᠠᠭᠠᠨ ᠤ ᠪᠤᠰᠤ ᠪᠣᠯᠭᠠᠵᠤ | ᠪᠣᠯᠬᠤ ᠦᠭᠡᠢ ᠭᠡᠵᠦ ᠴᠢᠬᠤᠯᠠᠴᠢᠯᠠᠭᠰᠠᠨ ᠶᠠᠪᠤᠳᠠᠯ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠶᠢᠨ ᠦᠨᠳᠦᠰᠦ ᠮᠥᠨ᠃ ᠣᠳᠣᠬᠠᠨ ᠳᠤ ᠂ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ | ᠦᠢᠯᠡᠳᠪᠦᠷᠢᠯᠡᠯ ᠬᠡᠷᠡᠭᠴᠡᠭᠡ ᠮᠥᠨ ᠯᠡ ᠴᠢᠩᠭ᠎ᠠ ᠲᠡᠩᠴᠡᠭᠦᠷᠢᠲᠡᠢ ᠪᠠᠶᠢᠳᠠᠯ ᠢᠶᠠᠨ ᠪᠠᠲᠤᠯᠠᠵᠤ ᠂ ᠤᠯᠠᠨ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠠᠯᠲᠤ ᠪᠤᠰᠤ ᠴᠢᠨᠠᠷ | ᠦᠷᠭᠦᠯᠵᠢᠯᠡᠨ ᠬᠤᠷᠴᠠᠳᠴᠤ ᠪᠠᠶᠢᠨ᠎ᠠ ᠂ ᠲᠥᠪ ᠠᠴᠠ ᠡᠷᠬᠡᠪᠰᠢ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ | ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠᠷ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ | ᠲᠣᠭᠲᠠᠭᠠᠯᠲᠤ ᠪᠤᠰᠤ ᠴᠢᠨᠠᠷ ᠢ ᠠᠷᠭᠠᠴᠠᠬᠤ ᠬᠡᠷᠡᠭᠲᠡᠢ ᠭᠡᠵᠦ ᠳᠤᠷᠠᠳᠪᠠ ᠃ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ | ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ ᠂ ᠲᠠᠷᠢᠶᠠᠨ ᠭᠠᠵᠠᠷ ᠤᠨ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠠᠰᠢᠭᠯᠠᠬᠤ ᠬᠡᠷᠡᠭᠲᠡᠢ ᠂ ᠵᠥᠪᠬᠡᠨ ᠠᠵᠤ ᠠᠬᠤᠢ ᠶᠢᠨ ᠦᠷ᠎ᠡ | ᠠᠰᠢᠭ ᠢᠶᠠᠷ ᠲᠠᠷᠢᠶᠠᠨ ᠭᠠᠵᠠᠷ ᠤᠨ ᠬᠡᠷᠡᠭᠯᠡᠯᠲᠡ ᠶᠢ ᠲᠣᠭᠲᠠᠭᠠᠵᠤ ᠪᠣᠯᠬᠤ ᠦᠭᠡᠢ ᠂ ᠡᠷᠬᠡᠪᠰᠢ ᠬᠢᠵᠠᠭᠠᠷ ᠲᠠᠢ ᠲᠠᠷᠢᠶᠠᠨ | ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ ᠤᠷᠢᠳᠠᠪᠠᠷ ᠬᠡᠷᠡᠭᠯᠡᠵᠦ ᠂ ︽ᠠᠮᠤ ᠪᠤᠳᠠᠭ᠎ᠠ ᠶᠢ | ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ ᠂ ᠲᠠᠯᠠᠪᠠᠢ ᠶᠢ ᠲᠣᠭᠲᠠᠪᠤᠷᠢᠵᠢᠭᠤᠯᠬᠤ ᠂ ᠤᠨᠠᠯᠲᠠ ᠶᠢ ᠲᠣᠭᠲᠠᠪᠤᠷᠢᠵᠢᠭᠤᠯᠬᠤ ᠂ | ᠬᠠᠩᠭᠠᠯᠭ᠎ᠠ ᠶᠢ ᠪᠠᠲᠤᠯᠠᠬᠤ ᠪᠠᠷ ᠬᠦᠴᠦᠯᠡᠨ ᠴᠢᠷᠮᠠᠶᠢᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ | ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ | ︵ᠬᠤᠶᠠᠷ︶ ᠲᠠᠷᠢᠶᠠᠨ ᠭᠠᠵᠠᠷ ᠢ ᠤᠷᠢᠳᠠᠪᠠᠷ ᠠᠰᠢᠭᠯᠠᠬᠤ ᠲᠠᠰ ᠳᠠᠷᠠᠭᠠᠯᠠᠯ ᠢ ᠲᠣᠳᠤᠷᠬᠠᠶᠢᠯᠠᠨ᠎ᠠ᠃ ᠲᠠᠷᠢᠶᠠᠨ | ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠲᠠᠷᠢᠶᠠᠨ ᠭᠠᠵᠠᠷ ᠲᠤ | ᠣᠨᠴᠠᠭᠠᠶ ᠬᠠᠮᠠᠭᠠᠯᠠᠯᠲᠠ ᠪᠠ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ ᠂ ᠲᠠᠷᠢᠶᠠᠨ ᠭᠠᠵᠠᠷ ᠢ | ᠣᠶᠢᠲᠤ ᠭᠠᠵᠠᠷ ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠦᠷᠦᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ | ᠬᠠᠮᠠᠭᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠭᠠᠭᠯᠠᠨ | ᠲᠣᠭᠲᠠᠭᠠᠭᠰᠠᠨ ᠡᠨᠡ ᠬᠡᠰᠡᠭ ᠴᠢᠨᠠᠷ ᠰᠠᠶᠢᠲᠠᠢ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠢ | ᠬᠥᠭᠵᠢᠭᠦᠯᠬᠦ ᠳᠤ ᠭᠤᠣᠯᠳᠠᠯᠭ᠎ᠠ ᠲᠠᠢ ᠪᠠᠷ ᠬᠡᠷᠡᠭᠯᠡᠵᠦ ᠂ ᠢᠯᠠᠩᠭᠤᠶ᠎ᠠ ᠶᠤᠤᠮᠠᠢ᠂ ᠪᠤᠭᠤᠳᠠᠢ ᠂ ᠡᠷᠳᠡᠨᠢ ᠰᠢᠰᠢ ᠂ | ᠲᠥᠮᠥᠰᠥ ᠪᠠ ᠡᠯᠳᠡᠪ ᠠᠮᠤ ᠡᠯᠳᠡᠪ ᠪᠤᠷᠴᠠᠭ ᠲᠠᠷᠢᠬᠤ ᠲᠠᠯᠠᠪᠠᠢ ᠶᠢ ᠪᠠᠲᠤᠯᠠᠵᠤ ᠂ ᠬᠠᠭᠤᠷᠠᠢ ᠲᠠᠷᠢᠶᠠᠨ ᠤ ᠥᠨᠳᠥᠷ | ᠤᠨᠠᠯᠲᠠ ᠲᠠᠢ ᠲᠥᠮᠥᠰᠥ ᠶᠢᠨ ᠰᠢᠨ᠎ᠡ ᠡᠭᠦᠯᠳᠡᠷ ᠢ ᠢᠳᠡᠪᠬᠢᠲᠡᠢ ᠪᠠᠷ ᠪᠣᠶᠢᠵᠢᠭᠤᠯᠤᠨ᠂ ᠲᠥᠮᠥᠰᠥ ᠦᠢᠯᠡᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠵᠦ ᠂ ᠲᠥᠮᠥᠰᠥ ᠲᠠᠷᠢᠬᠤ ᠲᠠᠯᠠᠪᠠᠢ ᠶᠢ ᠠᠯᠬᠤᠮ ᠠᠯᠬᠤᠮ ᠢᠶᠠᠷ ᠵᠦᠢ ᠵᠣᠬᠢᠰᠲᠠᠢ | ᠬᠡᠮᠵᠢᠶᠡᠨ ᠳᠤ ᠬᠦᠷᠲᠡᠯ᠎ᠡ ᠰᠡᠷᠭᠦᠭᠡᠵᠦ ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠠᠵᠤ ᠦᠢᠯᠡᠰ ᠤᠨ | ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ︔ ᠡᠩ ᠤᠨ ᠲᠠᠷᠢᠶᠠᠨ ᠭᠠᠵᠠᠷ ᠢ ᠭᠤᠣᠯᠳᠠᠭᠤ | ᠠᠮᠤ ᠪᠤᠳᠠᠭ᠎ᠠ ᠪᠣᠯᠣᠨ ᠲᠣᠰᠣ ᠂ ᠰᠢᠬᠢᠷ ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ | ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠳᠤ ᠬᠡᠷᠡᠭᠯᠡᠨ᠎ᠡ ︔ ᠬᠤᠵᠢᠷᠰᠢᠬᠤ ᠂ ᠡᠯᠡᠰᠦᠷᠬᠡᠭᠵᠢᠬᠦ ᠪᠠ | ᠤᠰᠤᠨ ᠤ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠵᠡᠷᠭᠡ ᠠᠴᠠ ᠪᠣᠯᠣᠭᠠᠳ ᠲᠠᠷᠢᠶᠠᠯᠠᠬᠤ ᠨᠥᠬᠦᠴᠡᠯ ᠢᠶᠠᠷ | ᠪᠠᠷᠤᠭᠲᠠᠢ ᠪᠣᠯᠤᠭᠰᠠᠨ ᠲᠠᠷᠢᠶᠠᠨ ᠭᠠᠵᠠᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠲᠠᠷᠢᠶᠠᠯᠠᠬᠤ ᠨᠥᠬᠦᠴᠡᠯ ᠢ ᠨᠢ ᠰᠠᠶᠢᠵᠢᠷᠠᠭᠤᠯᠵᠤ ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠦᠭᠵᠢᠭᠦᠯᠦᠨ᠎ᠡ᠃ ᠲᠠᠷᠢᠶᠠᠨ ᠭᠠᠵᠠᠷ ᠢ ᠠᠮᠤ ᠪᠤᠳᠠᠭ᠎ᠠ ᠪᠠ | ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠤᠷᠢᠳᠠᠪᠠᠷ ᠬᠠᠩᠭᠠᠭᠰᠠᠨ ᠰᠠᠭᠤᠷᠢᠨ ᠳᠡᠭᠡᠷ᠎ᠡ ᠂ | ᠢᠳᠡᠰᠢᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠵᠣᠬᠢᠰᠲᠠᠢ ᠪᠠᠷ ᠬᠡᠷᠡᠭᠯᠡᠵᠦ ᠂ ᠵᠠᠬ᠎ᠠ | ᠳᠡᠯᠭᠡᠭᠦᠷ ᠢᠯᠡᠳᠲᠡ ᠦᠯᠡᠭᠦᠳᠡᠵᠦ ᠪᠠᠶᠢᠭ᠎ᠠ ᠢᠳᠡᠰᠢᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠢ ᠬᠥᠲᠥᠯᠥᠨ | ᠵᠢᠯᠤᠭᠤᠳᠴᠤ ᠂ ᠡᠮᠬᠢ ᠵᠢᠷᠤᠮ ᠦᠭᠡᠢ ᠪᠠᠷ ᠬᠥᠭᠵᠢᠬᠦ ᠶᠢ ᠰᠡᠷᠭᠡᠶᠢᠯᠡᠨ᠎ᠡ᠃ | ︵ᠭᠤᠷᠪᠠ︶ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠲᠠᠷᠢᠶᠠᠨ | ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠠᠵᠢᠯ ᠤᠨ ᠲᠥᠷᠥ ᠶᠢᠨ ᠪᠣᠳᠣᠯᠭ᠎ᠠ ᠶᠢᠨ | ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ ᠪᠣᠯᠬᠤᠷ ︽ᠰᠡᠷᠭᠡᠶᠢᠯᠡᠬᠦ︾ ᠳᠡᠭᠡᠷ᠎ᠡ | ᠭᠤᠣᠯᠳᠠᠯᠭ᠎ᠠ ᠲᠠᠢ ᠬᠦᠴᠦ ᠲᠠᠯᠪᠢᠵᠤ᠂ ᠤᠷᠮᠠᠰᠢᠭᠤᠯᠤᠨ ᠬᠢᠵᠠᠭᠠᠷᠯᠠᠬᠤ ᠶᠢ ᠴᠢᠩᠭᠠᠳᠬᠠᠨ᠂ ᠬᠢᠨᠠᠯᠲᠠ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ | ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤ ᠨᠤᠭᠤᠳ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠤᠯᠤᠰ ᠤᠨ ᠭᠠᠵᠠᠷ ᠰᠢᠷᠣᠢ ᠶᠢᠨ ︽ | ᠭᠤᠷᠪᠠ ᠶᠢ ᠲᠣᠬᠢᠷᠠᠭᠤᠯᠬᠤ︾ ᠦᠷ᠎ᠡ ᠪᠦᠲᠦᠭᠡᠯ ᠳᠤ ᠲᠦᠰᠢᠭᠯᠡᠨ᠂ ᠲᠠᠷᠢᠶᠠᠨ ᠭᠠᠵᠠᠷ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠤ ᠬᠤᠪᠢᠶᠠᠷᠢᠯᠠᠨ | ᠲᠣᠭᠲᠠᠭᠠᠭᠰᠠᠨ ᠦᠷ᠎ᠡ ᠪᠦᠲᠦᠭᠡᠯ ᠢᠶᠠᠷ ᠰᠠᠭᠤᠷᠢ ᠵᠢᠷᠤᠭ ᠪᠣᠯᠭᠠᠵᠤ᠂ ᠲᠠᠷᠢᠶᠠᠨ ᠭᠠᠵᠠᠷ ᠤᠨ ᠳᠣᠲᠣᠷᠠᠬᠢ | ᠲᠠᠷᠢᠮᠠᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ ᠦᠨᠡᠯᠡᠯᠲᠡ ᠬᠢᠵᠦ᠂ ᠮᠡᠳᠡᠭᠡ | ᠵᠠᠩᠭᠢᠵᠢᠭᠤᠯᠬᠤ᠂ ᠨᠠᠷᠢᠯᠢᠭᠵᠢᠭᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠰᠢᠶᠠᠩ ᠪᠠᠯᠭᠠᠰᠤ ᠨᠢ ᠲᠣᠰ | ᠵᠠᠰᠠᠭ ᠵᠠᠬᠢᠷᠭᠠᠨ ᠤ ᠣᠷᠣᠨ ᠤ ᠲᠠᠷᠢᠶᠠᠨ ᠭᠠᠵᠠᠷ ᠤᠨ ᠠᠮᠤ ᠪᠤᠳᠠᠭ᠎ᠠ ᠳᠠᠷᠢᠭᠰᠠᠨ ᠪᠠᠶᠢᠳᠠᠯ ᠳᠤ ᠬᠥᠳᠡᠯᠦᠩᠭᠦᠢ ᠬᠢᠨᠠᠨ | ᠬᠡᠮᠵᠢᠯᠲᠡ ᠦᠨᠡᠯᠡᠯᠲᠡ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ | ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠎ᠡ ᠃ | ︵ᠳᠥᠷᠪᠡ︶ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠡᠯ᠎ᠡ ᠰᠢᠶᠠᠩ | ᠪᠠᠯᠭᠠᠰᠤ ᠬᠠᠷᠢᠶ᠎ᠠ ᠭᠠᠵᠠᠷ ᠣᠷᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠤᠳᠠᠲᠠᠶᠢᠵᠢᠭᠤᠯᠵᠤ᠂ ᠲᠠᠷᠢᠶᠠᠨ | ᠭᠠᠵᠠᠷ ᠤᠨ ᠲᠠᠷᠬᠠᠯᠲᠠ ᠶᠢᠨ ᠪᠠᠶᠢᠳᠠᠯ ᠂ ᠬᠢᠨᠠᠨ ᠬᠠᠮᠢᠶᠠᠷᠬᠤ ᠬᠦᠴᠦᠨ ᠤ ᠲᠣᠬᠢᠷᠠᠭᠤᠯᠤᠯᠲᠠ ᠵᠡᠷᠭᠡ ᠪᠠᠶᠢᠳᠠᠯ ᠢ | ᠦᠨᠳᠦᠰᠦᠯᠡᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠬᠢᠰᠲᠠᠢ ᠲᠣᠣᠷᠵᠢᠯ ᠢ | ᠪᠠᠶᠢᠷᠢᠯᠠᠭᠤᠯᠬᠤ ᠶᠢᠨ ᠬᠠᠮᠲᠤ ᠨᠢᠭᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠬᠠᠷᠢᠭᠤᠴᠠᠬᠤ ᠶᠢ | ᠲᠣᠳᠣᠷᠬᠠᠶᠢᠯᠠᠵᠤ ᠂ ᠲᠣᠰᠬᠤᠨ ᠪᠦᠷᠢ ᠳᠤ ᠨᠢᠭᠡ ᠲᠣᠣᠷᠵᠢᠯ ᠤᠨ ᠬᠢᠨᠠᠨ ᠬᠠᠮᠢᠶᠠᠷᠤᠭᠴᠢ ᠲᠣᠬᠢᠷᠠᠭᠤᠯᠵᠤ ᠂ ᠲᠠᠷᠢᠶᠠᠨ | ᠭᠠᠵᠠᠷ ᠪᠦᠷᠢ ᠳᠤ ᠴᠥᠮ ᠬᠠᠷᠢᠭᠤᠴᠠᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠵᠤ ᠂ ᠬᠢᠨᠠᠨ | ᠬᠠᠮᠢᠶᠠᠷᠤᠯᠲᠠ ᠶᠢᠨ ᠬᠤᠭᠤᠰᠤᠨ ᠪᠠᠶᠢᠳᠠᠯ ᠭᠠᠷᠬᠤ ᠠᠴᠠ ᠡᠷᠡᠰ ᠵᠠᠶᠢᠯᠠᠰᠬᠢᠵᠦ ᠂ ᠬᠢᠨᠠᠨ ᠬᠠᠮᠢᠶᠠᠷᠤᠯᠲᠠ ᠶᠢᠨ | ᠵᠣᠯᠭᠠᠯᠳᠤᠯ ᠢ ᠰᠠᠭᠠᠳ ᠦᠭᠡᠢ ᠪᠣᠯᠭᠠᠨ᠎ᠠ᠃ ᠲᠣᠰᠬᠤᠨ ᠤ ᠱᠠᠲᠤᠨ ᠠᠴᠠ ᠬᠠᠷᠢᠶᠠᠨ ᠳᠠᠬᠢ ᠲᠠᠷᠢᠶᠠᠨ ᠭᠠᠵᠠᠷ ᠢ ᠪᠦᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠂ ᠰᠢᠶᠠᠩ ᠤᠨ ᠱᠠᠲᠤᠨ ᠠᠴᠠ ᠡᠯ᠎ᠡ ᠲᠭᠰᠬᠤᠨ ᠤ ᠵᠢᠭᠰᠠᠭᠠᠨ ᠪᠠᠶᠢᠴᠠᠭᠠᠭᠰᠠᠨ | ᠪᠠᠶᠢᠳᠠᠯ ᠢ ᠬᠠᠷᠭᠤᠭᠤᠯᠤᠨ ᠪᠠᠶᠢᠴᠠᠭᠠᠵᠤ ᠂ ᠰᠢᠶᠠᠨ ᠤ ᠱᠠᠲᠤᠨ ᠠᠴᠠ ᠪᠦᠬᠦ ᠰᠢᠶᠠᠨ ᠤ ᠲᠠᠷᠢᠶᠠᠨ ᠭᠠᠵᠠᠷ ᠢ | ᠠᠰᠢᠭᠯᠠᠵᠤ ᠪᠠᠶᠢᠭ᠎ᠠ ᠪᠠᠶᠢᠳᠠᠯ ᠢ ᠰᠣᠩᠭᠤᠨ ᠪᠠᠶᠢᠴᠠᠭᠠᠨ᠎ᠠ᠃ ᠨᠡᠶᠢᠭᠡᠮ ᠤᠨ ᠣᠯᠠᠨ ᠨᠡᠶᠢᠲᠡ ᠶᠢᠨ ᠬᠢᠨᠠᠯᠲᠠ ᠲᠠᠯᠪᠢᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠬᠦ ᠠᠯᠪᠠᠨ ᠵᠠᠷ ᠨᠡᠶᠢᠲᠡᠯᠡᠵᠦ᠂ ᠠᠯᠪᠠᠨ ᠵᠠᠷ ᠲᠤ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ | ︾ ᠠᠰᠠᠭᠤᠳᠠᠯ ᠤᠨ ᠠᠭᠤᠯᠭ᠎ᠠ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠵᠡᠷᠭᠡ ᠶᠢ ᠨᠡᠶᠢᠲᠡᠯᠡᠵᠦ᠂ ᠲᠠᠷᠢᠶᠠᠨ ᠭᠠᠵᠠᠷ ᠢ | ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠠᠭ ᠲᠤᠬᠠᠢ ᠳᠤᠨᠢ ᠢᠯᠡᠷᠡᠭᠦᠯᠵᠦ ᠬᠤᠷᠢᠭᠯᠠᠨ᠎ᠠ᠃ | ︵ᠲᠠᠪᠤ︶ ᠵᠢᠭᠰᠠᠭᠠᠨ ᠪᠠᠶᠢᠴᠠᠭᠠᠵᠤ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠴᠢᠩᠭᠠᠷᠠᠭᠤᠯᠤᠨ᠎ᠠ᠃ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︽ᠦᠨᠳᠦᠰᠦᠨ | ᠲᠠᠷᠢᠶᠠᠨ ᠭᠠᠵᠠᠷ ᠢ ᠬᠠᠮᠠᠭᠠᠯᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 257 ᠳ᠋ᠤᠭᠠᠷ | ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠲᠤᠭᠤᠰᠢᠯᠠᠭᠤᠯᠵᠤ ᠂ ᠲᠠᠷᠢᠶᠠᠨ ᠭᠠᠵᠠᠷ ᠢ | ᠬᠠᠮᠠᠭᠠᠯᠠᠬᠤ ᠬᠠᠷᠠᠯᠲᠠ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠠᠰᠠᠭᠤᠳᠠᠯ ᠢ ᠡᠷᠡᠰ | ᠬᠤᠷᠢᠭᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠨᠣᠭᠤᠭᠠᠷᠠᠭᠤᠯᠵᠤ ᠣᠶᠢᠵᠢᠭᠤᠯᠬᠤ ᠶᠢ | ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠪᠠᠷᠢᠮᠵᠢᠶ᠎ᠠ ᠠᠴᠠ ᠬᠡᠲᠦᠷᠡᠭᠦᠯᠦᠨ ᠰᠠᠭᠠᠳ ᠦᠭᠡᠢ ᠨᠡᠪᠲᠡᠷᠡᠬᠦ | ᠵᠠᠮ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠨᠠᠭᠤᠷ | ᠮᠠᠯᠲᠠᠵᠤ ᠦᠵᠡᠮᠵᠢ ᠭᠠᠷᠭᠠᠬᠤ ᠶᠢ ᠴᠢᠩᠭ᠎ᠠ ᠴᠠᠭᠠᠵᠠᠯᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠡᠵᠡᠯᠡᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠥᠷᠭᠡᠳᠬᠡᠬᠦ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ | ᠵᠥᠷᠢᠴᠡᠨ ᠲᠠᠷᠢᠶᠠᠨ ᠭᠠᠵᠠᠷ ᠢ ᠡᠵᠡᠯᠡᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ | ᠴᠠᠭᠠᠵᠠᠯᠠᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ ᠶᠢ ᠵᠥᠪᠰᠢᠶᠡᠷᠡᠨ ᠭᠠᠵᠠᠷ ᠬᠡᠷᠡᠭᠯᠡᠬᠦ ᠶᠢ | ᠴᠢᠩᠭ᠎ᠠ ᠴᠠᠭᠠᠵᠠᠯᠠᠨ᠎ᠠ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠵᠦ ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠠᠬᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ | ᠤᠢ ᠵᠢᠮᠢᠰ ᠤᠨ ᠦᠢᠯᠡᠰ ᠡᠷᠬᠢᠯᠡᠬᠦ ᠵᠢᠴᠢ ᠨᠠᠭᠤᠷ ᠮᠠᠯᠲᠠᠵᠤ ᠵᠢᠭᠠᠰᠤ ᠲᠡᠵᠢᠭᠡᠬᠦ ᠂ ᠬᠠᠤᠯᠢ ᠪᠤᠰᠤ ᠪᠠᠷ ᠰᠢᠷᠣᠢ ᠠᠪᠬᠤ | ᠵᠡᠷᠭᠡ ᠲᠠᠷᠢᠶᠠᠯᠠᠬᠤ ᠳᠠᠪᠬᠤᠷᠭ᠎ᠠ ᠶᠢ ᠡᠪᠳᠡᠬᠦ ᠠᠵᠢᠯᠯᠠᠭ᠎ᠠ ᠶᠢ ᠴᠠᠭᠠᠵᠠᠯᠠᠵᠤ ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠰᠤᠯᠠ ᠪᠠᠶᠢᠯᠭᠠᠬᠤ ᠂ ᠠᠲᠠᠷᠰᠢᠭᠤᠯᠬᠤ ᠶᠢ ᠴᠠᠭᠠᠵᠠᠯᠠᠨ᠎ᠠ᠃ ᠡᠯ᠎ᠡ ᠰᠢᠶᠠᠩ ᠪᠠᠯᠭᠠᠰᠤ ᠨᠢ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠪᠠ | ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠳᠤ ᠲᠦᠰᠢᠭᠯᠡᠨ᠂ ᠪᠠᠶᠢᠩᠭᠤᠵᠢᠭᠰᠠᠨ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠣᠭᠲᠠᠴᠠ ᠶᠢ | ᠪᠦᠷᠢᠨᠰᠢᠭᠦᠯᠵᠦ᠂ ᠲᠣᠰ ᠣᠷᠣᠨ ᠪᠦᠰᠡ ᠶᠢᠨ ᠲᠠᠷᠢᠶᠠᠨ ᠭᠠᠵᠠᠷ ᠤᠨ ᠠᠮᠤ ᠪᠤᠳᠠᠭ᠎ᠠ ᠳᠠᠷᠢᠵᠤ ᠪᠠᠶᠢᠭ᠎ᠠ ᠪᠠᠶᠢᠳᠠᠯ ᠢ | ᠬᠥᠳᠡᠯᠦᠩᠭᠦᠢ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ | ᠴᠡᠭᠴᠡᠯᠡᠨ ᠰᠠᠶᠢᠵᠢᠷᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠎ᠡ᠃ ᠰᠦᠯᠵᠢᠶᠡᠨ | ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠵᠢᠴᠢ ᠳᠡᠭᠡᠳᠦ | ᠱᠠᠲᠤᠨ ᠤ ᠲᠤᠰᠢᠶᠠᠭᠰᠠᠨ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ ᠪᠣᠯᠭᠠᠬᠤ︾ ᠠᠰᠠᠭᠤᠳᠠᠯ ᠤᠨ | ᠰᠦᠪᠡᠭᠴᠢ ᠶᠢ ᠲᠦᠷᠭᠡᠨ ᠬᠢᠨᠠᠨ ᠬᠠᠷᠭᠤᠭᠤᠯᠵᠤ ᠰᠢᠢᠳᠪᠤᠷᠢᠯᠡᠨ᠎ᠡ ᠃ | ︵ᠵᠢᠷᠭᠤᠭ᠎ᠠ︶ ᠭᠠᠵᠠᠷ ᠰᠢᠷᠣᠢ ᠶᠢᠨ ᠡᠷᠭᠢᠯᠲᠡ ᠶᠢᠨ ᠬᠠᠮᠢᠶᠠᠷᠤᠯᠲᠠ ᠪᠠ ᠪᠡᠯᠡᠳᠭᠡᠮᠵᠢᠳᠤ ᠲᠠᠷᠢᠶᠠᠯᠠᠩ ᠤᠨ ᠬᠢᠨᠠᠨ | ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠰᠢᠶᠠᠩ ᠪᠠᠯᠭᠠᠰᠤ ᠂ ᠲᠣᠰᠬᠤᠨ ᠨᠤᠭᠤᠳ ︽ᠬᠥᠳᠡᠭᠡ | ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠬᠠᠮᠢᠶᠠᠷᠤᠯᠲᠠ ᠶᠢᠨ | ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠳᠠᠭᠠᠭᠠᠴᠢᠯᠠᠭᠰᠠᠨ ᠭᠠᠵᠠᠷ ᠢ ᠡᠷᠭᠢᠯᠲᠡ ᠳᠤ | ᠣᠷᠣᠭᠤᠯᠬᠤ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ ᠂ ᠡᠷᠭᠢᠯᠲᠡ ᠳᠤ | ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ ᠂ | ᠳᠠᠭᠠᠭᠠᠴᠢᠯᠠᠭᠰᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠡᠷᠬᠢᠯᠡᠵᠦ ᠪᠠᠶᠢᠭ᠎ᠠ ᠡᠵᠡᠩᠨᠡᠯᠲᠡ ᠶᠢᠨ ᠪᠡᠶᠡᠴᠢ | ᠴᠣᠭᠴᠠ ᠳᠤ ᠤᠷᠢᠳᠠᠪᠠᠷ ᠡᠷᠭᠢᠯᠲᠡ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠰᠢᠷᠣᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠢᠨᠠᠨ ᠬᠠᠷᠭᠤᠭᠤᠯᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠪᠡᠯᠡᠳᠭᠡᠮᠵᠢᠳᠤ | ᠲᠠᠷᠢᠶᠠᠯᠠᠩ ᠤᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠭᠠᠵᠠᠷ ᠰᠣᠩᠭᠤᠬᠤ ᠵᠢᠯᠣᠭᠤᠳᠤᠯᠭ᠎ᠠ ᠪᠠᠨ | ᠴᠢᠩᠭᠠᠳᠬᠠᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤ ᠨᠢ | ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠯᠲᠠ | ᠥᠷᠨᠢᠭᠦᠯᠵᠦ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠡᠷᠡᠭᠯᠡᠭᠰᠡᠨ ᠪᠠᠶᠢᠳᠠᠯ ᠤᠨ ᠰᠠᠭᠤᠷᠢ ᠲᠤᠭ᠎ᠠ ᠶᠢ | ᠡᠵᠡᠮᠰᠢᠨ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠳᠤᠮᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠬᠤᠷᠢᠭᠯᠠᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠮᠤ ᠪᠤᠳᠠᠭᠠᠨ ᠤ ᠠᠶᠤᠯᠭᠦᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠤᠯᠤᠰ ᠲᠦᠷᠦ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠡᠯ᠎ᠡ ᠰᠢᠶᠠᠩ ᠪᠠᠯᠭᠠᠰᠤ ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ | ᠲᠤᠰ ᠭᠠᠵᠠᠷ ᠣᠷᠣᠨ ᠤ ᠪᠠᠨ ᠠᠮᠤ ᠪᠤᠳᠠᠭᠠᠨ ᠤ ᠦᠢᠯᠡᠳᠪᠦᠷᠢᠯᠡᠯ ᠢ ᠪᠠᠲᠤᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠤᠭᠲᠠᠪᠤᠷᠢᠵᠢᠭᠤᠯᠤᠨ᠎ᠠ᠃ ᠡᠯ᠎ᠡ | ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠷᠢᠶᠠᠨ ᠭᠠᠵᠠᠷ ᠤᠨ ︽ᠠᠮᠤ ᠪᠤᠳᠠᠭᠠᠨ ᠤ | ᠪᠤᠰᠤ ᠪᠣᠯᠭᠠᠬᠤ︾ ᠪᠠᠶᠢᠳᠠᠯ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠴᠠ ᠡᠭᠦᠰᠬᠦ᠂ | ᠯᠠᠪᠳᠠᠭᠤᠨ ᠢᠶᠠᠷ ᠰᠢᠢᠳᠪᠦᠷᠢᠯᠡᠬᠦ ᠵᠠᠷᠴᠢᠮ ᠶᠣᠰᠣᠭᠠᠷ᠂ ᠲᠥᠷᠥᠯ ᠬᠤᠪᠢᠶᠠᠨ ᠰᠢᠢᠳᠪᠦᠷᠢᠯᠡᠬᠦ ᠰᠠᠨᠠᠯ ᠢᠶᠠᠨ ᠳᠤᠷᠠᠳᠤᠨ᠎ᠠ | ᠃ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ ᠪᠣᠯᠭᠠᠬᠤ︾ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠨ | ᠵᠣᠭᠰᠣᠭᠠᠵᠤ ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ ᠪᠣᠯᠭᠠᠬᠤ︾ | ᠠᠰᠠᠭᠤᠳᠠᠯ ᠢ ᠡᠷᠬᠡᠪᠰᠢ ᠡᠷᠡᠰ ᠬᠤᠷᠢᠭᠯᠠᠨ ᠵᠣᠭᠰᠣᠭᠠᠵᠤ ᠂ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ | ᠰᠢᠢᠳᠪᠤᠷᠢᠯᠡᠨ᠎ᠡ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢ ᠠᠮᠤ | ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠰᠢᠶᠠᠩ ᠪᠠᠯᠭᠠᠰᠤᠨ ᠤ ᠬᠢᠨᠠᠨ ᠰᠢᠯᠭᠠᠬᠤ | ᠴᠢᠬᠤᠯᠠ ᠠᠭᠤᠯᠭ᠎ᠠ ᠳᠤ ᠣᠷᠣᠭᠤᠯᠵᠤ ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠂ ᠤᠨᠠᠯᠲᠠ ᠶᠢᠨ ᠬᠡᠮᠵᠢᠶ᠎ᠡ ᠵᠡᠷᠭᠡ | ᠭᠦᠢᠴᠡᠳᠬᠡᠬᠦ ᠲᠤᠭ᠎ᠠ ᠶᠢᠨ ᠡᠵᠡᠯᠡᠬᠦᠨ ᠢ ᠳᠡᠭᠡᠭᠰᠢᠯᠡᠭᠦᠯᠦᠨ᠎ᠡ᠃ ᠴᠢᠩᠭ᠎ᠠ ᠬᠢᠨᠠᠨ ᠰᠢᠯᠭᠠᠬᠤ ᠶᠢᠨ ᠬᠠᠮᠲᠤ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠲᠣᠪᠣᠶᠢᠮ᠎ᠠ ᠠᠮᠵᠢᠯᠲᠠ ᠪᠦᠲᠦᠮᠵᠢ ᠲᠠᠢ ᠰᠢᠶᠠᠩ ᠪᠠᠯᠭᠠᠰᠤ ᠶᠢ | ᠰᠠᠶᠢᠰᠢᠶᠠᠨ ᠬᠥᠬᠢᠭᠦᠯᠵᠦ᠂ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠰᠢᠶᠠᠩ ᠪᠠᠯᠭᠠᠰᠤ ᠶᠢ ᠵᠠᠷᠯᠠᠨ ᠮᠡᠳᠡᠭᠳᠡᠵᠦ | ᠪᠣᠯᠵᠣᠨ ᠶᠠᠷᠢᠯᠴᠠᠬᠤ ᠶᠢᠨ ᠬᠠᠮᠲᠤ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠲᠠᠢ | ᠵᠣᠯᠭᠠᠭᠤᠯᠤᠨ᠎ᠠ᠃ | ︵ᠬᠤᠶᠠᠷ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠵᠤ᠂ ᠲᠥᠷᠥᠯ ᠵᠦᠢᠯ ᠢ ᠤᠷᠢᠳᠠᠪᠠᠷ | ᠲᠣᠬᠢᠷᠠᠭᠤᠯᠬᠤ ᠪᠠ ᠡᠮᠬᠢᠯᠡᠨ ᠨᠡᠶᠢᠯᠡᠭᠦᠯᠵᠦ ᠪᠠᠶᠢᠭᠠᠳ ᠠᠮᠤ ᠪᠤᠳᠠᠭ᠎ᠠ ᠳᠠᠷᠢᠬᠤ ᠶᠢ ᠳᠡᠮᠵᠢᠨ᠎ᠡ᠃ ᠠᠮᠤ ᠪᠤᠳᠠᠭ᠎ᠠ | ᠲᠠᠷᠢᠬᠤ ᠭᠤᠣᠯ ᠴᠣᠭᠴᠠ ᠶᠢᠨ ᠲᠦᠷᠦ ᠶᠢᠨ ᠪᠣᠳᠣᠯᠭ᠎ᠠ ᠶᠢᠨ ᠤᠷᠮᠠᠰᠢᠭᠤᠯᠤᠯ ᠢ ᠴᠢᠩᠭᠠᠳᠬᠠᠵᠤ ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ ᠂ ᠲᠠᠷᠢᠶᠠᠴᠢᠳ ᠤᠨ ᠬᠤᠷᠰᠢᠶ᠎ᠠ ᠶᠢᠨ ᠠᠮᠤ ᠪᠤᠳᠠᠭᠠᠨ ᠤ ᠵᠣᠬᠢᠰᠲᠠᠢ ᠬᠡᠪᠴᠢᠶᠡᠲᠦ | ᠡᠵᠡᠩᠨᠡᠯᠲᠡ ᠶᠢ ᠬᠥᠭᠵᠢᠭᠦᠯᠬᠦ ᠶᠢ ᠳᠡᠮᠵᠢᠵᠦ ᠂ ᠣᠷᠣᠯᠠᠨ ᠲᠠᠷᠢᠬᠤ ᠂ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠂ ᠭᠠᠵᠠᠷ | ᠰᠢᠷᠣᠢ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ ᠂ ᠠᠮᠤ | ᠪᠤᠳᠠᠭ᠎ᠠ ᠲᠠᠷᠢᠬᠤ ᠬᠡᠪᠴᠢᠶᠡᠲᠦ ᠦᠷ᠎ᠡ ᠠᠰᠢᠭ ᠢ ᠳᠡᠭᠡᠭᠰᠢᠯᠡᠭᠦᠯᠦᠨ᠎ᠡ ᠃ ᠳᠡᠭᠡᠳᠦ ᠱᠠᠲᠤᠨ ᠤ ᠠᠵᠢᠯ ᠤᠨ | ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠲᠥᠷᠥᠯ ᠤᠨ ᠲᠠᠷᠢᠶᠠᠯᠠᠩ ᠤᠨ ᠳᠠᠭᠠᠳᠬᠠᠯ ᠢ ᠳᠡᠯᠭᠡᠷᠡᠭᠦᠯᠬᠦ ᠠᠵᠢᠯ ᠢ | ᠰᠠᠶᠢᠲᠤᠷ ᠬᠢᠵᠦ᠂ ᠡᠷᠳᠡᠨᠢ ᠰᠢᠰᠢ᠂ ᠪᠤᠭᠤᠳᠠᠢ᠂ ᠶᠤᠤᠮᠠᠢ ᠶᠢᠨ ᠭᠤᠷᠪᠠᠨ ᠶᠡᠭᠡ ᠲᠠᠷᠢᠮᠠᠯ ᠤᠨ ᠦᠷ᠎ᠡ ᠪᠣᠶᠢᠵᠢᠭᠤᠯᠬᠤ | ᠳᠠᠭᠠᠳᠬᠠᠯ ᠤᠨ ᠵᠠᠷᠤᠳᠠᠯ ᠤᠨ ᠨᠥᠬᠦᠪᠦᠷᠢ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠠᠮᠤ | ᠪᠤᠳᠠᠭᠠᠨ ᠤ ᠦᠢᠯᠡᠳᠪᠦᠷᠢᠯᠡᠯ ᠤᠨ ᠪᠠᠭᠤᠷᠠᠢ ᠵᠠᠩᠭᠢᠯᠠᠭ᠎ᠠ ᠳᠤ ᠮᠧᠬᠠᠨᠢᠭᠵᠢᠭᠤᠯᠬᠤ ᠮᠡᠷᠭᠡᠵᠢᠯ ᠤᠨ ᠲᠤᠷᠰᠢᠯᠲᠠ ᠬᠢᠵᠦ | ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ ᠃ ᠠᠮᠤ ᠪᠤᠳᠠᠭ᠎ᠠ ᠦᠢᠯᠡᠳᠪᠦᠷᠢᠯᠡᠭᠰᠡᠨ ᠤ ᠳᠠᠷᠠᠭᠠᠬᠢ ᠬᠠᠭᠰᠠᠭᠠᠬᠤ ᠂ | ᠪᠣᠯᠪᠠᠰᠤᠷᠠᠭᠤᠯᠬᠤ ᠲᠥᠬᠦᠭᠡᠷᠦᠮᠵᠢ ᠪᠠᠶᠢᠭᠤᠯᠬᠤ ᠶᠢ ᠲᠡᠮᠵᠢᠵᠤ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ | ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ ᠃ | ︵ᠭᠤᠷᠪᠠ︶ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ | ᠰᠢᠶᠠᠩ ᠪᠠᠯᠭᠠᠰᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠢ ᠳᠡᠮᠵᠢᠵᠦ ᠲᠠᠷᠢᠶᠠᠴᠢᠳ ᠲᠤ | ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠶᠡᠬᠡᠪᠡᠷ ᠤᠬᠠᠭᠤᠯᠵᠤ ᠂ ᠡᠯ᠎ᠡ ᠲᠣᠰᠬᠤᠨ ᠤ | ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ | ᠪᠤᠳᠠᠭ᠎ᠠ ᠲᠠᠷᠢᠬᠤ ᠢᠳᠡᠪᠬᠢᠵᠢᠯ ᠢ ᠬᠦᠴᠦ ᠲᠠᠯᠪᠢᠨ ᠬᠠᠮᠠᠭᠠᠯᠠᠨ ᠳᠠᠶᠢᠴᠢᠯᠠᠨ᠎ᠠ᠃ ᠤᠯᠠᠮᠵᠢᠯᠠᠯᠲᠤ ᠵᠠᠭᠤᠴᠢᠯᠠᠭᠤᠷ | ᠪᠣᠯᠣᠨ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ | ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ︽ᠦᠨᠳᠦᠰᠦᠨ ᠲᠠᠷᠢᠶᠠᠨ | ᠭᠠᠵᠠᠷ ᠢ ᠬᠠᠮᠠᠭᠠᠯᠠᠬᠤ ᠳᠦᠷᠢᠮ︾ ᠵᠡᠷᠭᠡ ᠲᠠᠷᠢᠶᠠᠨ ᠭᠠᠵᠠᠷ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠲᠠᠷᠢᠶᠠᠴᠢᠨ ᠡᠷᠦᠬᠡ ᠂ ᠠᠮᠤ ᠪᠤᠳᠠᠭ᠎ᠠ ᠲᠠᠷᠢᠬᠤ ᠲᠣᠮᠣ ᠡᠷᠦᠬᠡ | ᠵᠡᠷᠭᠡ ᠠᠮᠤ ᠪᠤᠳᠠᠭ᠎ᠠ ᠲᠠᠷᠢᠬᠤ ᠭᠤᠣᠯ ᠴᠣᠭᠴᠠ ᠶᠢᠨ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ | ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠦᠷᠦ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ ᠂ ᠲᠠᠷᠢᠶᠠᠨ ᠭᠠᠵᠠᠷ ᠢ ᠬᠠᠮᠠᠭᠠᠯᠠᠬᠤ ᠂ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠂ ᠠᠮᠤ ᠪᠤᠳᠠᠭ᠎ᠠ ᠲᠠᠷᠢᠬᠤ ᠭᠤᠣᠯ ᠴᠣᠭᠴᠠ ᠪᠣᠯᠣᠨ ᠲᠠᠷᠢᠶᠠᠴᠢᠨ | ᠡᠷᠦᠬᠡ ᠶᠢᠨ ᠭᠠᠵᠠᠷ ᠰᠢᠷᠣᠢ ᠪᠠᠨ ᠨᠠᠨᠳᠢᠩᠨᠠᠬᠤ ᠂ ᠲᠠᠷᠢᠶᠠᠨ ᠭᠠᠵᠠᠷ ᠢᠶᠠᠨ ᠰᠠᠶᠢᠲᠤᠷ ᠬᠡᠷᠡᠭᠯᠡᠬᠦ ᠶᠢ ᠬᠥᠲᠥᠯᠥᠨ | ᠵᠢᠯᠤᠭᠤᠳᠴᠤ ᠂ ᠠᠮᠤ ᠪᠤᠳᠠᠭᠠᠨ ᠤ ᠦᠢᠯᠡᠳᠪᠦᠷᠢᠯᠡᠯ ᠢ ᠢᠳᠡᠪᠬᠢᠲᠡᠢ ᠬᠥᠭᠵᠢᠭᠦᠯᠵᠦ ᠂ ᠠᠮᠤ ᠪᠤᠳᠠᠭᠠᠨ ᠤ | ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | |