ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠨᠬᠤᠸᠠ ᠨᠣᠮ ᠤᠨ ᠳᠡᠯᠭᠡᠭᠦᠷ ᠲᠠᠢ ᠬᠠᠮᠲᠤᠷᠠᠨ ︽ᠰᠣᠩᠭᠤᠳᠠᠭ ᠨᠣᠮ ᠢ ᠤᠯᠠᠮᠵᠢᠯᠠᠨ ᠵᠠᠯᠭᠠᠮᠵᠢᠯᠠᠵᠤ ᠬᠠᠮᠲᠤ ᠪᠠᠷ ᠤᠩᠰᠢᠬᠤ︾ ᠰᠣᠶᠣᠯ ᠢ ᠬᠥᠳᠡᠭᠡ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/22
    ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ 8 ᠰᠠᠷ᠎ᠠ ᠶᠢᠨ 22  ᠤᠨ ᠡᠳᠦᠷ ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠨᠬᠤᠸᠠ ᠨᠣᠮ ᠤᠨ ᠳᠡᠯᠭᠡᠭᠦᠷ ᠲᠠᠢ ᠬᠠᠮᠲᠤᠷᠠᠨ ᠠᠷᠠᠳ ᠲᠤ ᠾᠦᠢ ᠮᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ︽ᠰᠣᠩᠭᠤᠳᠠᠭ ᠨᠣᠮ ᠢ ᠤᠯᠠᠮᠵᠢᠯᠠᠨ ᠵᠠᠯᠭᠠᠮᠵᠢᠯᠠᠵᠤ ᠬᠠᠮᠲᠤ ᠪᠠᠷ ᠤᠩᠰᠢᠬᠤ︾ ᠰᠣᠶᠣᠯ ᠢ ᠬᠥᠳᠡᠭᠡ ᠬᠦᠷᠭᠡᠬᠦ ᠠᠵᠢᠯᠯᠠᠭ᠎ᠠ ᠥᠷᠨᠢᠭᠦᠯᠵᠦ ᠂ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠦᠷᠦᠭᠡ ᠳᠤ 100 ᠭᠠᠷᠤᠢ ᠳᠡᠪᠲᠡᠷ ᠨᠣᠮ ᠪᠢᠴᠢᠭ ᠬᠦᠷᠭᠡᠵᠦ ᠂ ᠥᠷᠭᠡᠨ ᠤᠯᠠᠨ ᠲᠦᠮᠡᠨ ᠳᠤ ᠰᠡᠯᠡᠭᠦᠦ ᠴᠠᠭ ᠢᠶᠠᠷ ᠢᠶᠠᠨ ᠨᠡᠩ ᠡᠯᠪᠡᠭ ᠪᠠᠶᠠᠯᠢᠭ ᠤᠶᠤᠨ ᠤ ᠬᠦᠨᠡᠰᠦ ᠬᠦᠷᠲᠡᠭᠡᠵᠡᠢ ᠃

001.jpg

   

    ᠲᠤᠰ ᠤᠳᠠᠭ᠎ᠠ  ᠶᠢᠨ ᠬᠠᠨᠳᠢᠪᠯᠡᠭ᠌ᠰᠠᠨ ᠨᠣᠮ ᠨᠢ ︽ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ

ᠰᠠᠨᠠᠭ᠎ᠠ ᠶᠢ ᠰᠤᠷᠤᠯᠴᠠᠬᠤ ᠠᠰᠠᠭᠤᠯᠲᠠ ᠬᠠᠷᠢᠭᠤᠯᠲᠠ︾ ᠂ ︽ ᠰᠢ ᠶᠢᠨ ᠫᠢᠩ ᠤᠨ ᠵᠣᠬᠢᠶᠠᠯ  ᠤᠨ ᠰᠣᠩᠭᠤᠮᠠᠯ︾

 ᠤᠨ ᠬᠤᠶᠠᠳᠤᠭᠠᠷ ᠪᠣᠳᠢ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ  ᠶᠢᠨ ᠲᠤᠰᠬᠠᠢ ᠰᠡᠳᠦᠪ  ᠤᠨ ᠲᠡᠭᠦᠪᠦᠷᠢ︾ ᠂ ︽ᠰᠢᠨᠬᠤᠸᠠ ᠲᠣᠯᠢ ᠪᠢᠴᠢᠭ︾ 

ᠵᠡᠷᠭᠡ ᠠᠭᠤᠯᠭ᠎ᠠ ᠶᠢ ᠬᠠᠮᠤᠷᠴᠠᠢ᠃

    ᠲᠣᠰ ᠤᠳᠠᠭᠠᠨ ᠤ ᠨᠣᠮ ᠪᠢᠴᠢᠭ ᠬᠠᠨᠳᠢᠪᠯᠡᠬᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ

ᠣᠲᠣ ᠪᠠᠶᠢᠭ᠎ᠠ ᠨᠣᠮ ᠪᠢᠴᠢᠭ ᠤᠨ ᠬᠠᠳᠠᠭᠠᠯᠠᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂

ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠨᠠᠮ ᠤᠨ

ᠣᠨᠣᠯ ᠢ ᠣᠯᠠᠨ ᠲᠦᠮᠡᠨ ᠳᠤ ᠦᠨᠡᠨ ᠬᠦ ᠤᠯᠠᠮᠵᠢᠯᠠᠨ ᠥᠭᠴᠦ᠂ ᠣᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠶᠢ

ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠡᠷᠡᠭᠦᠯ ᠥᠭᠡᠳᠡᠷᠬᠡᠭ

ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2