| ᠪᠠᠶᠢᠭᠤᠯᠤᠮᠵᠢ ᠶᠢᠨ ᠣᠷᠣᠨ ᠲᠤᠭ᠎ᠠ ᠪᠣᠯᠣᠨ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠠᠵᠢᠯ ᠢ | ᠭᠦᠨᠵᠡᠭᠡᠢ ᠠᠬᠢᠭᠤᠯᠵᠤ ᠂ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠪᠣᠯᠣᠨ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ | ᠡᠪᠬᠡᠮᠡᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ 8 ᠰᠠᠷ᠎ᠠ ᠶᠢᠨ 15 ᠤ ᠡᠳᠦᠷ ᠠᠴᠠ 23 ᠤ ᠡᠳᠦᠷ ᠪᠣᠯᠲᠠᠯ᠎ᠠ᠂ ᠮᠠᠨ ᠤ ᠰᠢᠶᠠᠨ | ᠪᠠᠶᠢᠭᠤᠯᠤᠮᠵᠢ ᠶᠢᠨ ᠣᠷᠣᠨ ᠲᠤᠭ᠎ᠠ ᠪᠣᠯᠣᠨ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠡᠭᠡᠯᠵᠢᠯᠡᠨ | ᠪᠣᠯᠪᠠᠰᠤᠷᠠᠭᠤᠯᠬᠤ ᠠᠩᠭᠢ ᠡᠷᠬᠢᠯᠡᠪᠡ ᠃ | | | | | | ︵ᠰᠢᠶᠠᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠤᠷᠠᠯ ᠤᠨ ᠠᠬᠤᠢ ᠲᠠᠯᠠᠪᠡᠢ︶ | ᠡᠨᠡ ᠤᠳᠠᠭᠠᠨ ᠤ ᠡᠭᠡᠯᠵᠢᠯᠡᠨ ᠪᠣᠯᠪᠠᠰᠤᠷᠠᠭᠤᠯᠤᠯᠲᠠ ᠳᠤ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠺᠠᠳ᠋ᠷ ᠨᠢᠭᠡᠳᠦᠭᠡᠷ ᠰᠠᠯᠠᠭᠠᠨ ᠤ ᠳᠠᠷᠤᠭ᠎ᠠ ᠰᠢᠶᠣᠣ ᠶᠠᠨ ᠨᠥᠬᠦᠷ ᠪᠣᠯᠣᠨ ᠬᠤᠲᠠ ᠶᠢᠨ ᠨᠠᠮ ᠤᠨ ᠬᠤᠷᠢᠶᠠᠨ ᠤ | ᠣᠷᠣᠨ ᠲᠤᠭ᠎ᠠ ᠶᠢᠨ ᠠᠯᠪᠠᠨ ᠭᠡᠷ ᠤᠨ ᠬᠢᠨᠠᠨ ᠪᠠᠶᠢᠴᠠᠭᠠᠬᠤ ᠰᠠᠯᠠᠭᠠᠨ ᠤ ᠳᠠᠷᠤᠭ᠎ᠠ ᠮᠠ ᠰᠢᠶᠣᠣ ᠯᠦᠩ ᠨᠥᠬᠦᠷ ᠢ ᠤᠷᠢᠵᠤ | ᠬᠢᠴᠢᠶᠡᠯ ᠣᠷᠣᠭᠤᠯᠪᠠ᠃ ᠣᠳᠣᠬᠠᠨ ᠤ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠵᠢᠴᠢ ᠪᠠᠶᠢᠭᠤᠯᠤᠮᠵᠢ ᠶᠢᠨ | ᠣᠷᠣᠨ ᠲᠤᠭ᠎ᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ ᠪᠣᠯᠣᠨ ᠬᠡᠷᠡᠭᠵᠢᠭᠦᠯᠬᠦ ᠨᠠᠷᠢᠨ ᠳᠦᠷᠢᠮ ᠳᠤ ᠲᠤᠰ ᠲᠤᠰ | ᠲᠦᠬᠦᠮ ᠣᠶᠢᠯᠠᠭᠠᠮᠵᠢᠲᠠᠢ ᠲᠠᠶᠢᠯᠤᠮᠵᠢ ᠬᠢᠭᠰᠡᠨ ᠪᠥᠭᠡᠳ ᠬᠤᠷᠠᠯ ᠳᠡᠭᠡᠷ᠎ᠡ ᠬᠠᠷᠢᠯᠴᠠᠨ ᠰᠣᠯᠢᠯᠴᠠᠬᠤ ᠂ ᠴᠢ ᠠᠰᠠᠭᠤᠵᠤ ᠪᠢ | ᠬᠠᠷᠢᠭᠤᠯᠬᠤ ᠬᠡᠯᠪᠡᠷᠢ ᠪᠠᠷ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠤ ᠮᠠᠳᠠᠭ ᠲᠠᠢ | ᠠᠰᠠᠭᠤᠳᠠᠯ ᠢ ᠰᠢᠢᠳᠪᠦᠷᠢᠯᠡᠵᠦ ᠥᠭᠴᠡᠢ᠃ | | | | | | ︵ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠷᠠᠯ ᠤᠨ ᠠᠬᠤᠢ ᠲᠠᠯᠠᠪᠡᠢ︶ | 9 ᠡᠳᠦᠷ 23 ᠬᠤᠭᠤᠴᠠᠭ᠎ᠠ ᠶᠢᠨ ᠪᠦᠷᠬᠦᠴᠡ ᠶᠢᠨ ᠬᠡᠯᠪᠡᠷᠢ ᠶᠢᠨ ᠡᠭᠡᠯᠵᠢᠯᠡᠨ ᠪᠣᠯᠪᠠᠰᠤᠷᠠᠭᠤᠯᠤᠯᠲᠠ ᠶᠢᠨ ᠳᠤᠮᠳᠠ᠂ | ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠰᠠᠯᠠᠭᠠᠨ ᠤ ᠲᠠᠰ ᠤᠨ ᠺᠠᠳ᠋ᠷ᠂ ᠵᠠᠩᠭᠢᠯᠠᠭ᠎ᠠ ᠶᠢᠨ ᠺᠠᠳ᠋ᠷ᠂ | ᠡᠩ ᠤᠨ ᠺᠠᠳ᠋ᠷ ᠨᠠᠷᠢᠨ ᠬᠢᠨᠠᠮᠠᠭᠠᠢ ᠬᠠᠷᠢᠭᠤᠴᠠᠬᠤ ᠣᠪᠣᠷ ᠢᠶᠠᠷ ᠲᠣᠰ ᠤᠳᠠᠭᠠᠨ ᠤ ᠰᠤᠷᠤᠯᠴᠠᠯᠭ᠎ᠠ ᠪᠣᠯᠪᠠᠰᠤᠷᠠᠭᠤᠯᠤᠯ ᠳᠤ | ᠣᠷᠣᠯᠴᠠᠭᠰᠠᠨ ᠪᠥᠭᠡᠳ ᠵᠢᠱᠢᠭᠰᠡᠨ ᠦᠷ᠎ᠡ ᠪᠦᠲᠦᠮᠵᠢ ᠳᠡᠭᠡᠨ ᠭᠦᠷᠦᠭᠰᠡᠨ ᠪᠠᠶᠢᠨ᠎ᠠ᠃ | | | | | ︵ᠨᠠᠮ ᠵᠠᠰᠠᠭ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠠᠬᠤᠢ ᠲᠠᠯᠠᠪᠠᠶ︶ | ᠪᠣᠯᠪᠠᠰᠤᠷᠠᠯ ᠳᠤ ᠣᠷᠣᠯᠴᠠᠭᠰᠠᠳ ᠤᠨ ᠨᠡᠶᠢᠳᠡᠮ ᠲᠤᠰᠬᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ | ᠨᠢ ᠣᠯᠠᠨ ᠲᠦᠮᠡᠨ ᠲᠠᠢ ᠣᠶᠢᠷᠠᠳᠴᠤ᠂ ᠬᠡᠯᠪᠡᠷᠢ ᠨᠢ ᠮᠠᠰᠢ ᠰᠢᠨ᠎ᠡ ᠰᠡᠪᠡᠭᠦᠨ᠂ ᠲᠣᠬᠢᠷᠠᠭᠤᠯᠤᠯᠲᠠ ᠨᠢ ᠴᠠᠭ ᠲᠤᠬᠠᠢ ᠳᠤᠨᠢ | ᠭᠦᠢᠴᠡᠳ ᠪᠠᠶᠢᠵᠤ᠂ ᠦᠨᠳᠦᠰᠦᠨ ᠱᠠᠲᠤᠨ ᠤ ᠬᠡᠷᠡᠭᠴᠡᠭᠡ ᠶᠢ ᠵᠣᠯᠭᠠᠭᠤᠯᠬᠤ ᠳᠤ ︽ᠶᠠᠭᠤ ᠳᠤᠲᠠᠭᠳᠠᠪᠠᠯ ᠶᠠᠭᠤ ᠶᠢ | ᠨᠥᠬᠦᠪᠦᠷᠢᠯᠡᠬᠦ︾ ᠨᠢ ᠲᠠᠷᠠᠭᠠᠴᠢ ᠶᠢᠨ ᠠᠯᠬᠤᠮ ᠳᠤ ᠪᠥᠬᠦ ᠰᠢᠶᠠᠨ ᠤ ᠡᠯ᠎ᠡ ᠬᠦᠷᠢᠶᠡᠨ ᠤ ᠠᠵᠢᠯ ᠢ ᠲᠦᠯᠬᠢᠨ | ᠠᠬᠢᠭᠤᠯᠬᠤ ᠳᠤ ᠮᠠᠰᠢ ᠴᠢᠩᠭ᠎ᠠ ᠵᠢᠯᠤᠭᠤᠳᠬᠤ ᠴᠢᠨᠠᠷ ᠪᠠ ᠬᠡᠷᠡᠭᠵᠢᠭᠦᠯᠬᠦ ᠴᠢᠨᠠᠷ ᠲᠠᠢ ᠶᠤᠮ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ | |