ᠤᠯᠠᠭᠠᠨᠴᠠᠪ ᠤᠨ ︽ᠲᠠᠯ᠎ᠠ ᠨᠤᠲᠤᠭ ᠤᠨ ᠴᠠᠢ ᠶᠢᠨ ᠵᠠᠮ︾ ᠬᠤᠪᠴᠠᠰᠤ ᠵᠠᠰᠠᠯ ᠤᠨ ᠰᠣᠶᠣᠯ ᠤᠨ ᠭᠠᠷᠠᠭ ᠄ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ᠣᠯᠠᠨ ᠲᠦᠮᠡᠨ ᠰᠣᠶᠣᠯ ᠤᠨ ᠦᠪᠡᠳᠡᠭᠰᠢ ᠨᠠᠶᠢᠷ ᠢ ᠭᠦᠢᠴᠡᠳ ᠡᠳ᠋ᠯᠡᠪᠡ
ᠨᠡᠶᠢᠲᠡᠯᠡᠭᠰᠡᠨ ᠴᠠᠭ᠄
2023/8/29
    ᠣᠯᠠᠨ ᠲᠦᠮᠡᠨ ᠤ ᠰᠣᠶᠣᠯ ᠴᠡᠩᠭᠡᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠦᠨᠡᠨᠬᠦ ᠨᠡᠮᠡᠭᠳᠡᠭᠦᠯᠬᠦ ᠶᠢᠨ ᠲᠤᠰᠠᠳᠠ ᠂ 8 ᠰᠠᠷ᠎ᠠ ᠶᠢᠨ 29 ᠤ ᠡᠳᠦᠷ᠂ ᠤᠯᠠᠭᠠᠨᠴᠠᠪ ᠤᠨ ︽ᠲᠠᠯ᠎ᠠ ᠨᠤᠲᠤᠭ ᠤᠨ ᠴᠠᠢ ᠶᠢᠨ ᠵᠠᠮ︾ ᠬᠤᠪᠴᠠᠰᠤ ᠵᠠᠰᠠᠯ ᠤᠨ ᠰᠣᠶᠣᠯ ᠤᠨ ᠭᠠᠷᠠᠭ ᠤᠨ ᠣᠯᠠᠨ ᠲᠦᠮᠡᠨ ᠤ ᠤᠷᠠᠨ ᠰᠠᠶᠢᠬᠠᠨ ᠤ ᠲᠣᠭᠯᠠᠯᠲᠠ ᠮᠠᠨ ᠤ ᠰᠢᠶᠠᠨ ᠤ ᠠᠷᠠᠳ ᠤᠨ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠥᠷᠭᠡᠨ ᠣᠯᠠᠨ ᠲᠦᠮᠡᠨ ᠳᠤ ᠭᠤᠶᠢᠳᠠ ᠰᠠᠶᠢᠬᠠᠨ ︽ᠰᠣᠶᠣᠯ ᠤᠨ ᠦᠪᠡᠳᠡᠭᠰᠢ ᠨᠠᠶᠢᠷ︾ ᠢ ᠳᠡᠪᠰᠢᠭᠦᠯᠪᠡ᠃

c1.jpg

    ᠠᠵᠢᠯᠯᠠᠭ᠎ᠠ ᠨᠢ ︽ᠮᠢᠨᠤ ᠡᠬᠡ ᠤᠯᠤᠰ︾ ᠭᠡᠬᠦ ᠳᠠᠭᠤᠤ ᠪᠥᠵᠢᠭ ᠤᠨ ᠲᠣᠭᠯᠠᠯᠲᠠ ᠳᠤ ᠬᠥᠰᠢᠭᠡ ᠪᠠᠨ ᠰᠡᠬᠦᠪᠡ᠃

 ᠲᠣᠭᠯᠠᠯᠲᠠ ᠶᠢᠨ ᠲᠥᠷᠥᠯ ᠳᠤ ︽ ᠭᠡᠭᠡᠨᠴᠢᠷ ᠡᠭᠡᠮᠦᠭᠳᠡᠨ︾᠂ ᠭᠢᠲ᠋ᠠᠷ ᠤᠨ ᠳᠠᠭᠤᠤ ︽ ᠰᠢᠨ᠎ᠡ ᠡᠷᠡᠨ ᠤ ᠵᠠᠯᠠᠭᠤᠰ︾

᠂ ᠬᠤᠶᠠᠷ ᠬᠥᠮᠥᠨ ᠤ ᠡᠯᠭᠦᠴᠡᠭᠡ ︽ᠨᠠᠶᠢᠷᠠᠯ ᠳᠠᠭᠤᠤ︾᠂ ᠴᠠᠷᠭᠢᠯ ᠬᠤᠯᠪᠣᠭ᠎ᠠ ︽ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾ ᠵᠡᠷᠭᠡ ᠪᠣᠶ᠂ ᠲᠣᠭᠯᠠᠯᠲᠠ ᠶᠢᠨ

ᠠᠭᠤᠯᠭ᠎ᠠ ᠪᠠᠶᠠᠯᠢᠭ᠂ ᠬᠡᠯᠪᠡᠷᠢ ᠣᠯᠠᠨ ᠶᠠᠩᠵᠤ ᠶᠢᠨ ᠪᠣᠯᠪᠠ᠃ ᠲᠣᠭᠯᠠᠭᠴᠢᠳ ᠨᠢᠭᠡ ᠨᠢᠭᠡ ᠪᠠᠷ ᠢᠶᠠᠨ ᠴᠤᠭ

ᠵᠢᠪᠬᠤᠭ᠎ᠠ ᠲᠠᠢ ᠂ ᠢᠷᠠᠭᠤ ᠰᠠᠶᠢᠬᠠᠨ ᠬᠦᠭ ᠠᠶᠠᠰ ᠢᠶᠠᠷ ᠳᠠᠭᠤᠯᠠᠵᠤ ᠂ ᠭᠦᠨ ᠰᠡᠳᠬᠢᠯᠭᠡ ᠲᠠᠢ ᠪᠠᠷ ᠪᠥᠵᠢᠭᠯᠡᠵᠦ ᠂

ᠮᠠᠨ ᠤ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠪᠦᠭᠡ ᠳᠡᠭᠡᠳᠦᠰ ᠢᠶᠠᠨ ᠭᠦᠨ

ᠬᠠᠶᠢᠷᠠᠯᠠᠬᠤ ᠪᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃

c2.jpg

    ᠤᠯᠠᠨ ᠶᠠᠩᠵᠤ ᠶᠢᠨ ᠬᠡᠯᠪᠡᠷᠢ ᠲᠠᠢ ᠂ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠪᠠᠷ ᠳᠠᠮᠵᠢᠭᠤᠯᠤᠨ᠂ ᠤᠯᠠᠨ

ᠲᠦᠮᠡᠨ ᠳᠤ ᠪᠠᠶᠠᠷ ᠵᠢᠷᠭᠠᠯ ᠲᠠᠢ ᠤᠶᠤᠨ ᠤ ᠰᠣᠶᠣᠯ ᠤᠨ ᠠᠮᠢᠳᠤᠷᠠᠯ ᠢ ᠮᠡᠳᠡᠷᠡᠭᠦᠯᠵᠦ ᠂ ᠠᠷᠠᠳ ᠤᠯᠠᠨ ᠤ

ᠣᠷᠣᠯᠴᠠᠬᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠵᠦ ᠂

ᠰᠢᠨ᠎ᠡ ᠴᠠᠭ ᠦᠶ᠎ᠡ ᠶᠢᠨ ᠬᠤᠸᠠᠳᠧ ᠶᠢᠨ ᠠᠷᠠᠳ ᠲᠦᠮᠡᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ

ᠭᠠᠷᠭᠠᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠡᠢ᠃

c3.jpg

    ᠲᠠᠨᠢᠯᠴᠠᠭᠤᠯᠤᠭᠰᠠᠨ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠤᠨ ᠬᠥᠭᠵᠢᠯ ᠮᠠᠨᠳᠤᠯ ᠢ ᠠᠬᠢᠭᠤᠯᠬᠤ ᠶᠢᠨ ᠲᠥᠯᠥᠭᠡ᠂

ᠤᠯᠠᠭᠠᠨᠴᠠᠪ ᠤᠨ ︽ᠲᠠᠯ᠎ᠠ ᠨᠤᠲᠤᠭ ᠤᠨ ᠴᠠᠢ ᠶᠢᠨ ᠵᠠᠮ︾ ᠬᠤᠪᠴᠠᠰᠤ ᠵᠠᠰᠠᠯ ᠤᠨ ᠰᠣᠶᠣᠯ ᠤᠨ ᠭᠠᠷᠠᠭ ᠤᠨ ᠣᠯᠠᠨ

ᠲᠦᠮᠡᠨ ᠤ ᠤᠷᠠᠨ ᠰᠠᠶᠢᠬᠠᠨ ᠤ ᠲᠣᠭᠯᠠᠯᠲᠠ 8 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠵᠦ᠂ ᠣᠯᠠᠨ

ᠲᠦᠮᠡᠨ ᠤ ᠲᠣᠭᠯᠠᠬᠤ᠂ ᠣᠯᠠᠨ ᠲᠦᠮᠡᠨ ᠤ ᠦᠵᠡᠬᠦ ᠬᠡᠯᠪᠡᠷᠢ ᠪᠠᠷ ᠣᠯᠠᠨ ᠲᠦᠮᠡᠨ ᠳᠤ ᠤᠯᠠᠮᠵᠢᠯᠠᠯᠲᠤ ᠰᠣᠶᠣᠯ ᠤᠨ

ᠷᠢᠳᠢ ᠰᠢᠳᠢ ᠶᠢ ᠮᠡᠳᠡᠷᠡᠭᠦᠯᠵᠦ᠂ ᠣᠯᠠᠨ ᠲᠦᠮᠡᠨ ᠤ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ

ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2