ᠮᠠᠨ ᠤ ᠰᠢᠶᠠᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ‌ᠬᠤᠷᠢᠶᠠᠨ ᠤ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2023/8/3
    8 ᠰᠠᠷ᠎ᠠ ᠶᠢᠨ 3 ᠤ ᠡᠳᠦᠷ ᠂ ᠮᠠᠨ ᠤ ᠰᠢᠶᠠᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠭᠤᠯᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ ᠬᠤᠷᠠᠯ ᠢ ᠡᠷᠬᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠵᠧᠦ ᠴᠢ ᠂ ᠵᠦ ᠱᠢ ᠮᠢᠩ ᠂ ᠵᠠᠩ ᠶᠠᠨ ᠰᠢᠶᠠ᠂ ᠯᠢᠦ ᠱᠦ ᠮᠧᠢ ᠣᠷᠣᠯᠴᠠᠪᠠ ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠬᠤᠩ ᡁᠢ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠰᠢᠦᠢ ᠳ᠋ᠦᠩ ᠬᠤᠷᠠᠯ ᠳᠤ ᠰᠤᠯᠠ ᠣᠷᠣᠯᠴᠠᠪᠠ᠃

001.png

    ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ ᠳᠤ ᠤᠳᠤ 29 ᠪᠦᠷᠢᠯᠳᠦᠭᠦᠨ ᠲᠠᠢ ᠂ ᠲᠤᠰ ᠤᠳᠠᠭᠠᠨ ᠤ ᠬᠤᠷᠠᠯᠳᠤᠭᠠᠨ ᠳᠤ 24 ᠬᠥᠮᠥᠨ

ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃

002.png

    ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠤᠯᠤᠰ ᠠᠷᠠᠳ ᠤᠨ ᠠᠵᠤ ᠠᠬᠤᠢ

ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠳᠡᠭᠡᠷ᠎ᠡ ᠬᠠᠭᠠᠰ ᠵᠢᠯ ᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ

ᠮᠡᠳᠡᠭᠦᠯᠦᠯᠲᠡ ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠳᠡᠭᠡᠷ᠎ᠡ ᠬᠠᠭᠠᠰ ᠵᠢᠯ ᠤᠨ ᠲᠥᠰᠥᠪ ᠢ

ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 

ᠬᠤᠸᠠᠳᠧ ᠰᠢᠶᠠᠨ ᠤ ᠲᠥᠰᠥᠪ ᠲᠤ ᠲᠣᠬᠢᠷᠠᠭᠤᠯᠤᠯᠲᠠ ᠬᠢᠬᠦ ᠵᠦᠢᠯᠡᠰ ᠤᠨ ᠲᠤᠬᠠᠢ ᠮᠡᠳᠡᠭᠦᠯᠦᠯᠲᠡ ︵ᠲᠥᠰᠥᠯ︶᠂ ᠰᠢᠶᠠᠨ ᠤ

ᠠᠷᠠᠳ ᠤᠨ ᠵᠠᠰᠠᠭ ᠤᠨ ᠣᠷᠳᠣᠨ ᠤ ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠤᠨ ᠵᠠᠰᠠᠭ ᠤᠨ

ᠦᠯᠡᠳᠡᠭᠡᠯ ᠪᠡᠯᠡ ᠮᠥᠩᠭᠦ ᠶᠢ ᠬᠤᠷᠢᠶᠠᠨ ᠠᠪᠬᠤ ᠲᠤᠬᠠᠢ ᠮᠡᠳᠡᠭᠦᠯᠦᠯᠲᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ

2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ

ᠲᠤᠬᠠᠢ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ ᠶᠢ ᠲᠤᠰ ᠲᠤᠰ ᠰᠣᠨᠣᠰᠴᠤ ᠬᠢᠨᠠᠨ ᠵᠥᠪᠯᠡᠵᠡᠢ᠃

    ᠬᠤᠷᠠᠯ ᠠᠴᠠ ᠪᠠᠰᠠ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ

ᠥᠪ ᠤᠨ ᠬᠠᠤᠯᠢ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ

ᠬᠠᠮᠠᠭᠠᠯᠠᠯᠲᠠ ᠶᠢᠨ ᠳᠦᠷᠢᠮ︾  ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠪᠠᠶᠢᠳᠠᠯ ᠤᠨ ᠮᠡᠳᠡᠭᠦᠯᠦᠯᠲᠡ ᠪᠠ 

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ

ᠳᠦᠷᠢᠮ︾  ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠤᠰ ᠲᠤᠰ

ᠰᠣᠨᠤᠰᠪᠡ᠃

    ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠰᠣᠶᠣᠯ ᠵᠤᠭᠠᠴᠠᠯ ᠤᠨ

ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2