ᠮᠠᠨ ᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠶᠢᠨ ᠡᠬᠢᠯᠡᠯᠲᠡ ᠶᠢᠨ ᠶᠣᠰᠣᠯᠠᠯ ᠵᠢᠴᠢ ︽ᠰᠡᠷᠢᠭᠦᠴᠡᠭᠦᠯᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/7
    8 ᠰᠠᠷ᠎ᠠ ᠶᠢᠨ 7 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠲᠦᠷᠦᠭᠦᠯᠡᠨ ᠪᠠᠶᠢᠭᠤᠯᠤᠭᠰᠠᠨ ᠾᠦᠢ ᠮᠢᠨ ᠨᠡᠶᠢᠭᠡᠮ ᠲᠣᠭᠤᠷᠢᠭ ᠤᠨ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠵᠢᠩᠬᠢᠨᠢ ᠪᠠᠷ ᠫᠠᠶᠢᠰᠠ ᠰᠡᠬᠦᠭᠰᠡᠨ ᠪᠥᠭᠡᠳ ᠠᠰᠢᠭᠯᠠᠯᠲᠠ ᠳᠤ ᠣᠷᠣᠪᠠ᠃

01.jpg

    ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ ᠂ ᠪᠠᠶᠢᠩᠭᠤ ᠶᠢᠨ ᠳᠡᠳ᠋ ᠲᠡᠷᠢᠭᠦᠯᠡᠭᠴᠢ ᠸᠧᠢ ᠶᠢᠨ ᠯᠢᠨ ᠪᠣᠯᠣᠨ ᠾᠦᠢ ᠮᠢᠨ ᠨᠡᠶᠢᠭᠡᠮ

ᠲᠣᠭᠤᠷᠢᠭ ᠤᠨ ᠨᠠᠮ ᠤᠨ ᠡᠭᠦᠷ ᠤᠨ ᠱᠦᠵᠢ ᠯᠢ ᠶᠢᠤ ᠬᠠᠮᠲᠤ ᠪᠠᠷ ︽ᠰᠡᠳᠬᠢᠯ ᠢ ᠳᠤᠯᠠᠭᠠᠴᠠᠭᠤᠯᠬᠤ ᠦᠷᠳᠡᠭᠡ︾  ᠶᠢᠨ

ᠫᠠᠶᠢᠰᠠ ᠶᠢ ᠰᠡᠬᠦᠭᠰᠡᠨ ᠪᠥᠭᠡᠳ ︽ᠰᠡᠳᠬᠢᠯ ᠢ ᠳᠤᠯᠠᠭᠠᠴᠠᠭᠤᠯᠬᠤ ᠦᠷᠳᠡᠭᠡ︾  ᠳᠤ ᠰᠡᠷᠢᠭᠦᠨ ᠴᠠᠢ ᠂ ᠷᠠᠰᠢᠶᠠᠨ ᠤᠰᠤ ᠂

ᠲᠠᠷᠪᠤᠰ ᠵᠡᠷᠭᠡ ᠬᠠᠯᠠᠭᠤᠨ ᠢ ᠰᠡᠷᠭᠡᠶᠢᠯᠡᠬᠦ ᠪᠣᠳᠠᠰ ᠢ ᠬᠦᠷᠭᠡᠵᠡᠢ᠃

02.jpg

    ᠣᠶᠢᠯᠠᠭᠠᠭᠰᠠᠨ ᠢᠶᠠᠷ᠂ ᠳᠡᠭᠡᠳᠦ ᠱᠠᠲᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ

ᠣᠯᠭᠤᠯᠲᠠ ᠶᠢᠨ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠪᠠᠷ

ᠴᠤᠤᠷᠢᠶᠠᠲᠤᠨ ᠳᠠᠭᠠᠬᠤ ᠶᠢᠨ ᠲᠥᠯᠥᠭᠡ᠂ ᠬᠠᠯᠠᠮᠵᠢᠯᠠᠨ ᠬᠠᠶᠢᠷᠠᠯᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠰᠢᠶᠠᠨ ᠤ

ᠠᠵᠢᠯᠴᠢᠨ ᠤ ᠶᠡᠷᠦᠩᠬᠡᠢ ᠡᠪᠯᠡᠯ ᠠᠴᠠ ᠾᠦᠢ ᠮᠢᠨ ᠨᠡᠶᠢᠭᠡᠮ ᠲᠣᠭᠤᠷᠢᠭ ᠵᠡᠷᠭᠡ ᠵᠡᠭᠡᠯᠢ ᠳᠠᠭᠠᠤ ᠶᠢᠨ ᠵᠢᠷᠭᠤᠭᠠᠨ ᠭᠠᠵᠠᠷ ᠲᠤ 

︽ᠰᠡᠳᠬᠢᠯ ᠢ ᠳᠤᠯᠠᠭᠠᠴᠠᠭᠤᠯᠬᠤ ᠦᠷᠳᠡᠭᠡ︾ ᠪᠠᠶᠢᠭᠤᠯᠵᠤ ᠂ ᠲᠦᠷᠭᠡᠨ ᠬᠦᠷᠭᠡᠯᠲᠡ ᠶᠢᠨ ᠬᠦᠮᠦᠰ᠂ ᠵᠠᠬᠢᠶᠠᠯᠠᠭ᠎ᠠ ᠶᠢᠨ 

ᠬᠤᠭᠤᠯᠠ ᠬᠦᠷᠭᠡᠭᠴᠢᠳ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠡᠷᠭᠡ ᠬᠥᠮᠥᠰ ᠤᠨ ᠬᠡᠷᠡᠭᠴᠡᠭᠡ

ᠱᠠᠭᠠᠷᠳᠠᠯᠭ᠎ᠠ ᠶᠢ ᠦᠨᠳᠦᠰᠦᠯᠡᠵᠦ ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠮᠲᠤᠯᠢᠭ ᠲᠤ ᠦᠢᠯᠡᠴᠢᠯᠡᠬᠦ ᠪᠠ

ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ ᠂ ᠠᠵᠢᠯᠲᠠᠨ ᠠᠵᠢᠯᠴᠢᠨ ᠲᠦᠮᠡᠨ ᠳᠤ ᠬᠠᠯᠠᠭᠤᠨ ᠳᠤᠯᠠᠭᠠᠨ ᠭᠡᠷ ᠣᠷᠤᠨ ᠪᠠ

ᠠᠮᠠᠷᠠᠬᠤ ᠭᠠᠵᠠᠷ ᠢ ᠬᠠᠩᠭᠠᠵᠤ ᠥᠭᠴᠡᠢ᠃

03.jpg

    ᠣᠳᠣ ᠪᠣᠯᠲᠠᠯ᠎ᠠ᠂ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠶᠢᠨ ᠪᠤᠶ ᠪᠦᠬᠦᠢ ᠰᠠᠭᠤᠷᠢ ᠲᠥᠬᠦᠭᠡᠷᠦᠮᠵᠢ ᠪᠠ ᠡᠳ᠋

ᠪᠣᠳᠠᠰ ᠢ ᠪᠦᠷ ᠢᠵᠢ ᠪᠦᠷᠢᠳᠦᠭᠦᠯᠦᠨ ᠳᠠᠭᠤᠰᠬᠠᠵᠤ᠂ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠶᠢᠨ ᠦᠢᠯᠡᠳᠦᠯ ᠢ

ᠨᠡᠩ ᠰᠠᠶᠢᠨ ᠪᠠᠳᠠᠷᠠᠭᠤᠯᠬᠤ ᠶᠢᠨ ᠲᠥᠯᠥᠭᠡ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠨᠡᠶᠢᠭᠡᠮ ᠲᠣᠭᠤᠷᠢᠭ ᠤᠨ

 ᠬᠢᠨ ︽ᠬᠤᠪᠢ ᠨᠡᠮᠡᠷᠢ ᠦᠵᠡᠭᠦᠯᠬᠦ ᠳᠤ ᠬᠠᠯᠠᠭᠤᠨ ᠰᠡᠳᠬᠢᠯ ᠲᠠᠢ᠂ ᠰᠠᠶᠢᠨ ᠦᠢᠯᠡᠴᠢᠯᠡᠬᠦ︾ ᠪᠠᠷ ᠦᠢᠯᠡᠴᠢᠯᠡᠭᠡᠨ ᠤ

ᠵᠣᠷᠢᠯᠲᠠ ᠪᠠᠨ ᠪᠣᠯᠭᠠᠵᠤ᠂ ᠡᠳᠦᠷ ᠲᠤᠳᠤᠮ ᠤᠨ ᠬᠠᠮᠠᠭᠠᠯᠠᠯᠲᠠ ᠬᠠᠮᠢᠶᠠᠷᠤᠯᠲᠠ ᠶᠢ ᠰᠠᠶᠢᠲᠤᠷ ᠬᠢᠵᠦ ᠂ ᠨᠢᠭᠡᠳᠦᠭᠡᠷ

ᠹᠷᠣᠨᠲ ᠤᠨ ᠭᠡᠷ ᠤᠨ ᠭᠠᠳᠠᠨᠠᠬᠢ ᠬᠥᠳᠡᠯᠮᠦᠷᠢᠴᠢᠳ ᠲᠤ ᠡ᠊ ᠭᠠᠷᠠᠮ ᠪᠤᠯᠤᠩ‌‍ᠯ᠎ᠡ ᠵᠦᠢᠯ ᠤᠨ ᠦᠢᠯᠡᠴᠢᠯᠡᠭᠡ ᠬᠠᠩᠭᠠᠵᠤ ᠂

ᠦᠷᠳᠡᠭᠡ ᠶᠢ ︽ᠶᠠᠳᠠᠷᠠᠪᠠᠯ ᠠᠮᠠᠷᠠᠵᠤ ᠳᠡᠶᠢᠯᠬᠦ ᠂ ᠤᠮᠳᠠᠭᠠᠰᠪᠠᠯ ᠤᠤᠭᠤᠬᠤ ᠤᠰᠤ ᠲᠠᠢ ᠂ ᠬᠠᠯᠠᠪᠠᠯ ᠰᠡᠷᠢᠭᠦᠴᠡᠵᠦ ᠳᠡᠶᠢᠯᠬᠦ ᠂

ᠬᠦᠢᠲᠡᠷᠡᠪᠡᠯ ᠳᠤᠯᠠᠭᠠᠴᠠᠵᠤ ᠳᠡᠶᠢᠯᠬᠦ ︾ ᠭᠡᠷ ᠣᠷᠤᠨ ᠪᠣᠯᠭᠠᠬᠤ ᠶᠢ ᠪᠠᠲᠤᠯᠠᠵᠤ ᠂ ᠨᠡᠩ ᠤᠯᠠᠨ ᠬᠥᠳᠡᠯᠮᠦᠷᠢᠴᠢᠳ ᠲᠤ

ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠬᠦᠷᠲᠡᠭᠡᠵᠦ ᠂ ᠨᠠᠮ ᠪᠠ ᠵᠠᠰᠠᠭ ᠤᠨ ᠣᠷᠳᠣᠨ ᠤ

ᠬᠠᠯᠠᠭᠤᠨ ᠳᠤᠯᠠᠭᠠᠨ ᠢ ᠬᠦᠷᠲᠡᠭᠡᠨ᠎ᠡ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2