ᠴᠠᠩ ᠳ᠋ᠠ ᠸᠧᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠵᠢᠴᠢ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/9
    8 ᠰᠠᠷ᠎ᠠ ᠶᠢᠨ 9  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ ᠭᠤᠴᠢᠨ ᠨᠢᠭᠡᠳᠦᠭᠡᠷ ᠤᠳᠠᠭ᠎ᠠ ᠶᠢᠨ ᠬᠤᠷᠠᠯ ᠵᠢᠴᠢ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠢ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠭ᠎ᠠ︾ ︽ᠦᠵᠡᠯ ᠤᠬᠠᠮᠰᠠᠷ ᠤᠨ ᠬᠡᠯᠪᠡᠷᠢ ︵ᠨᠠᠮ ᠤᠨ ᠤᠳᠤᠷᠢᠳᠬᠤ ᠳᠤᠭᠤᠶᠢᠯᠠᠩ︶ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠶᠢ ᠤᠯᠠᠮᠵᠢᠯᠠᠨ ᠰᠤᠷᠤᠯᠴᠠᠪᠠ ᠃    ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠤ ᠶᠢᠨ ᠬᠡᠷᠡᠭᠵᠢᠭᠦᠯᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ︽ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠡᠷᠬᠢᠯᠡᠭᠴᠢ ᠯᠢ ᠰᠢᠶᠣᠣ ᠰᠢᠨ ᠤ ᠬᠤᠸᠠᠳᠧ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭᠠᠨ ᠤ ᠡᠭᠦᠷᠭᠡ ᠶᠢᠨ ᠠᠵᠢᠯ ᠤᠨ ᠬᠤᠪᠢᠶᠠᠷᠢᠯᠠᠯ︾ ᠂ ︽ ᠬᠤᠸᠠᠳᠧ ᠰᠢᠶᠠᠨ︾ ᠤ ᠰᠤᠷᠲᠠᠯ ᠢ ᠬᠤᠪᠢᠷᠠᠭᠤᠯᠬᠤ ᠂ ᠬᠠᠷᠢᠭᠤᠴᠠᠯᠭ᠎ᠠ ᠶᠢ ᠴᠢᠩᠭᠠᠳᠬᠠᠬᠤ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠂ ᠬᠥᠭᠵᠢᠯᠲᠡ ᠶᠢ ᠠᠬᠢᠭᠤᠯᠬᠤ ︽ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠥᠰᠥᠯ︾ ᠢ ᠬᠢᠨᠠᠨ ᠵᠥᠪᠯᠡᠵᠦ ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠵᠠᠢ᠃    ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠦᠳᠲᠡᠷ ᠲᠦᠷᠭᠡᠨ ᠬᠥᠳᠡᠯᠦᠯᠴᠡᠵᠦ ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠰᠠᠶᠢᠵᠢᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠤᠶᠠᠯᠳᠤᠭᠤᠯᠤᠨ ᠦᠢᠯᠡᠰ ᠪᠦᠲᠦᠭᠡᠬᠦ ᠶᠢ ᠠᠳᠬᠤᠵᠤ ᠂ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ ᠂ ᠪᠡᠶ᠎ᠡ ᠪᠠᠷ ᠢᠶᠠᠨ ᠬᠡᠪ ᠳᠦᠷᠢᠮ ᠪᠣᠯᠵᠤ ᠂ ᠲᠦᠷᠦᠭᠦᠯᠡᠨ ᠰᠠᠬᠢᠯᠭ᠎ᠠ ᠪᠠᠲᠤ ᠶᠢ ᠬᠡᠷᠡᠭᠵᠢᠭᠦᠯᠵᠦ ᠂ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ ᠂ ᠲᠦᠷᠦᠭᠦᠯᠡᠨ ᠬᠦᠴᠢᠷ ᠢ ᠲᠤᠭᠤᠯᠤᠨ ᠬᠦᠴᠢᠷ ᠢ ᠳᠠᠪᠠᠵᠤ ᠂ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠃ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠡᠬᠢᠯᠡᠭᠦᠯᠵᠦ ᠂ ᠵᠣᠬᠢᠶᠠᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠴᠢᠩᠭᠠᠳᠬᠠᠵᠤ ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠰᠤᠷᠲᠠᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ ᠂ ᠪᠦᠬᠦ ᠰᠢᠶᠠᠨ ᠤ ᠰᠤᠷᠲᠠᠯ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠰᠢᠪᠲᠤᠯᠤᠯᠲᠠ ᠭᠠᠷᠭᠠᠬᠤ ᠶᠢ ᠪᠡᠶᠡᠯᠡᠭᠦᠯᠬᠦ ᠬᠡᠷᠡᠭᠲᠡᠢ ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ           
 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2