ᠮᠠᠨ ᠤ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠠᠵᠤ ᠠᠬᠤᠶᠢᠯᠠᠯ ᠢ ᠪᠡᠭᠡᠵᠢᠩ ᠳᠤ ᠲᠠᠨᠢᠯᠴᠠᠭᠤᠯᠬᠤ ᠬᠤᠷᠠᠯ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/9/12
    ᠣᠶᠢᠷ᠎ᠠ ᠳᠤ᠂ ᠮᠠᠨ ᠤ ᠰᠢᠶᠠᠨ ᠤ ᠬᠤᠩ ᠸᠠᠩ ᠮᠢᠬᠠᠨ ᠢᠳᠡᠭᠡᠨ ᠢ ᠪᠡᠭᠡᠵᠢᠩ ᠳᠤ ᠲᠠᠨᠢᠯᠴᠠᠭᠤᠯᠬᠤ ᠬᠤᠷᠠᠯ ᠪᠡᠭᠡᠵᠢᠩ ᠬᠤᠲᠠ ᠶᠢᠨ ᠤᠯᠠᠭᠠᠨᠴᠠᠪ ᠤᠨ ᠣᠨᠴᠠ ᠭᠠᠷᠤᠯᠲᠠ ᠶᠢᠨ ᠳᠡᠯᠭᠡᠭᠦᠷ ᠲᠤ ᠦᠪᠡᠳᠡᠭᠰᠢ ᠶᠡᠭᠡ ᠪᠠᠷ ᠡᠬᠢᠯᠡᠪᠡ᠃ ᠲᠠᠨᠢᠯᠴᠠᠭᠤᠯᠭ᠎ᠠ ᠶᠢᠨ ᠬᠤᠷᠠᠯ ᠢ ᠰᠢᠶᠠᠨ ᠰᠢᠶᠠᠩ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯᠣᠨ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠮᠲᠤᠷᠠᠨ ᠡᠷᠬᠢᠯᠡᠵᠡᠢ ᠃ ᠲᠣᠰ ᠤᠳᠠᠭᠠᠨ ᠤ ᠠᠷᠠᠯᠵᠢᠶᠠᠨ ᠤ ᠴᠤᠭᠯᠠᠭᠠᠨ  ᠨᠢ ︽ᠭᠠᠷ ᠬᠤᠯᠪᠣᠨ ᠬᠠᠮᠲᠤ ᠪᠠᠷ ᠤᠷᠤᠭᠰᠢᠯᠠᠵᠤ ᠬᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠶ᠎ᠠ︾ ᠭᠡᠳᠡᠭ ᠢᠶᠠᠷ ᠭᠤᠣᠯ ᠰᠡᠳᠦᠪ ᠪᠣᠯᠭᠠᠵᠤ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠦ᠂ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠷᠡᠭᠦᠯᠦᠨ᠂ ᠬᠤᠸᠠᠳᠧ ᠨᠡᠷᠡᠮᠵᠢᠲᠦ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃

c1.jpg

    ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠴᠤᠭ ᠵᠢᠪᠬᠤᠭ᠎ᠠ ᠵᠢᠴᠢ

ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠪᠡᠷᠮᠢᠴᠡ ᠲᠠᠯ᠎ᠠ ᠶᠢ ᠭᠦᠢᠴᠡᠳ

ᠳᠡᠯᠭᠡᠨ ᠦᠵᠡᠭᠦᠯᠵᠦ᠂ ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠲᠣᠰᠬᠤᠨ ᠠᠴᠠ

ᠭᠠᠷᠴᠤ ᠬᠤᠲᠠ ᠳᠤ ᠣᠷᠣᠬᠤ ᠶᠢ ᠲᠦᠯᠬᠢᠨ ᠠᠬᠢᠭᠤᠯᠬᠤ ᠶᠢᠨ ᠬᠠᠮᠲᠤ ᠣᠷᠳᠣ ᠬᠤᠭᠤᠴᠠᠭᠠᠨ ᠤ ᠲᠣᠭᠲᠠᠪᠤᠷᠢᠲᠠᠢ

ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ ᠮᠠᠨ ᠤ ᠰᠢᠶᠠᠨ ᠤ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠣᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠣᠷᠣᠯᠴᠠᠵᠠᠢ᠃

c2.jpg

    ᠲᠠᠨᠢᠯᠴᠠᠭᠤᠯᠭ᠎ᠠ ᠶᠢᠨ ᠬᠤᠷᠠᠯ ᠨᠢ ᠬᠤᠸᠠᠳᠧ ᠰᠢᠶᠠᠨ ᠤ ᠬᠤᠩ ᠸᠠᠩ ᠡᠭᠦᠯᠳᠡᠷ ᠤᠨ ᠲᠡᠵᠢᠭᠡᠨ ᠦᠷᠡᠵᠢᠭᠦᠯᠬᠦ

ᠮᠢᠬ᠎ᠠ ᠢᠳᠡᠭᠡᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠶᠢᠨ ᠠᠩᠬᠠᠷᠤᠯ ᠢ ᠲᠠᠲᠠᠵᠤ᠂ ᠾᠧᠦ ᠳ᠋ᠧ ᠲᠠᠷᠢᠶᠠᠯᠠᠩ ᠮᠠᠯ

ᠠᠵᠤ ᠠᠬᠤᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠯᠢᠦᠢ ᠴᠤᠸᠠᠨ ᠶᠢᠨ ᠱᠧᠩ

ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠂ ᠤᠯᠠᠭᠠᠨᠴᠠᠪ ᠬᠤᠳᠠ ᠶᠢᠨ ᠬᠠᠨ ᠹᠧᠩ 

ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠢᠦᠢ ᠯᠦᠩ ᠹᠧᠩ ᠬᠤᠷᠰᠢᠶᠠᠵᠢᠯ 

ᠪᠣᠯᠣᠨ ᠶᠠᠨ ᠶᠠᠩ ᠲᠢᠶᠠᠨ ᠲᠠᠷᠢᠶᠠᠴᠢᠨ ᠤ ᠲᠤᠰᠬᠠᠢ ᠬᠤᠷᠰᠢᠶᠠᠵᠢᠯ ᠵᠡᠷᠭᠡ ᠮᠠᠰᠢ ᠰᠠᠶᠢᠨ ᠬᠥᠭᠵᠢᠯᠲᠡ ᠶᠢᠨ

ᠢᠷᠡᠭᠡᠳᠦᠢ ᠲᠠᠢ ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠳᠡᠭ

ᠳᠤᠮᠳᠠ ᠪᠠᠭ᠎ᠠ ᠠᠵᠤ ᠠᠬᠤᠶᠢᠯᠠᠯ ᠂ ᠬᠤᠷᠰᠢᠶᠠᠵᠢᠯ ᠦᠵᠡᠰᠬᠦᠯᠡᠩ ᠳᠤ ᠣᠷᠣᠯᠴᠠᠪᠠ ᠃ ᠦᠵᠡᠭᠦᠯᠦᠯᠭᠡ ᠶᠢᠨ 

ᠪᠦᠳᠦᠭᠡᠭᠳᠡᠭᠦᠨ ᠳᠤ ᠦᠬᠡᠷ ᠬᠤᠨᠢᠨ ᠮᠢᠬ᠎ᠠ᠂ ᠰᠧᠯᠧᠨ ᠡᠯᠪᠡᠭ ᠲᠠᠬᠢᠶᠠᠨ ᠥᠨᠳᠡᠭᠡ᠂ ᠰᠧᠯᠧᠨ ᠡᠯᠪᠡᠭ

ᠪᠤᠭᠤᠳᠠᠢ ᠶᠢᠨ ᠰᠢᠷᠬᠡᠭ ᠢᠶᠠᠷ ᠬᠦᠨᠡᠰᠦ ᠬᠤᠭᠤᠯᠠ ᠶᠢ ᠣᠷᠣᠯᠠᠭᠤᠯᠬᠤ ᠭᠤᠯᠢᠷ ᠂ ᠦᠬᠡᠷ ᠤᠨ ᠬᠠᠳᠠᠭᠠᠭᠰᠠᠨ ᠪᠣᠷᠴᠠ᠂

ᠴᠡᠪᠡᠷ ᠠᠮᠤ ᠪᠠᠷ ᠨᠡᠷᠡᠭᠰᠡᠨ ᠼᠤᠤ᠂ ︽ᠳ᠋ᠧ ᠬᠥ᠋ ᠳᠣᠯᠣᠳᠤᠭᠠᠷ︾ ᠨᠠᠷᠢᠮᠤ ᠵᠡᠷᠭᠡ ᠲᠥᠷᠥᠯ ᠪᠠᠭᠲᠠᠨ᠎ᠠ᠃

c3.jpg

    ᠲᠠᠨᠢᠯᠴᠠᠭᠤᠯᠭ᠎ᠠ ᠶᠢᠨ ᠬᠤᠷᠠᠯ ᠢᠶᠠᠷ ᠳᠠᠮᠵᠢᠭᠤᠯᠤᠨ᠂ ᠮᠠᠨ ᠤ ᠰᠢᠶᠠᠨ ᠤ ᠥᠪᠡᠷᠮᠢᠴᠡ ᠣᠨᠴᠠᠯᠢᠭ ᠪᠦᠬᠦᠢ

ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠵᠢᠴᠢ ᠲᠠᠷᠢᠶᠠᠯᠠᠩ ᠮᠠᠯ ᠠᠵᠤ

ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠰᠣᠯᠢᠯᠴᠠᠭ᠎ᠠ

ᠬᠠᠮᠲᠤᠷᠠᠯᠴᠠᠭ᠎ᠠ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠭᠦᠨᠵᠡᠭᠡᠶᠢᠷᠡᠭᠦᠯᠦᠨ᠂ ᠬᠤᠳᠠᠯᠳᠤᠨ

ᠠᠪᠬᠤ ᠬᠤᠳᠠᠯᠳᠤᠭᠠᠴᠢᠨ ᠬᠢᠭᠡᠳ ᠦᠢᠯᠡᠳᠪᠦᠷᠢᠯᠡᠬᠦ ᠬᠤᠳᠠᠯᠳᠤᠭᠠᠴᠢᠨ ᠢ ᠵᠣᠯᠭᠠᠭᠤᠯᠬᠤ᠂ ᠨᠠᠷᠠᠲᠤ ᠲᠡᠮᠳᠡᠭᠲᠦ ᠶᠢ

ᠳᠡᠯᠭᠡᠷᠡᠭᠦᠯᠬᠦ ᠳᠤ ᠲᠠᠪᠴᠠᠩ ᠪᠠᠶᠢᠭᠤᠯᠵᠤ ᠥᠭᠭᠦᠭᠰᠡᠨ ᠨᠢ ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ

ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠬᠦ ᠳᠤ ᠠᠰᠢᠭᠲᠠᠢ ᠶᠤᠮ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ  

 

 

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2