ᠴᠠᠩ ᠳ᠋ᠠ ᠸᠧᠢ ᠳᠤᠭᠤᠶᠢᠯᠠᠩ ᠳᠠᠭᠠᠭᠤᠯᠤᠨ ᠭᠤᠷᠪᠠᠨ ᠬᠠᠪᠴᠢᠯ ᠤᠨ ᠬᠠᠭᠤᠷᠠᠢ ᠳᠡᠭᠡᠷᠡᠬᠢ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠳᠤ ᠬᠦᠷᠴᠦ ︽ᠡᠬᠢ ᠰᠤᠷᠪᠤᠯᠵᠢ ᠪᠠ ᠰᠦᠯᠵᠢᠶ᠎ᠡ᠂ ᠴᠡᠨᠡᠭ᠂ ᠨᠥᠭᠡᠴᠡᠯᠡᠯ︾ ᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠦᠯ ᠵᠦᠢᠯ ᠵᠢᠴᠢ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠦᠷᠦᠯ ᠵᠦᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/9/14
    9 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠳᠤᠭᠤᠶᠢᠯᠠᠩ ᠳᠠᠭᠠᠭᠤᠯᠤᠨ ᠭᠤᠷᠪᠠᠨ ᠬᠠᠪᠴᠢᠯ ᠤᠨ ᠬᠠᠭᠤᠷᠠᠢ ᠳᠡᠭᠡᠷᠡᠬᠢ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠳᠤ ᠬᠦᠷᠴᠦ ︽ᠡᠬᠢ ᠰᠤᠷᠪᠤᠯᠵᠢ ᠪᠠ ᠰᠦᠯᠵᠢᠶ᠎ᠡ᠂ ᠴᠡᠨᠡᠭ᠂ ᠨᠥᠭᠡᠴᠡᠯᠡᠯ︾ ᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠦᠯ ᠵᠦᠢᠯ ᠵᠢᠴᠢ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠦᠷᠦᠯ ᠵᠦᠢᠯ ᠢ ᠵᠣᠯᠭᠠᠭᠤᠯᠪᠠ᠃    ᠵᠣᠯᠭᠠᠭᠤᠯᠬᠤ ᠶᠠᠪᠤᠴᠠ ᠳᠤ ᠂ ᠴᠠᠩ ᠳ᠋ᠠ ᠸᠧᠢ ᠭᠤᠷᠪᠠᠨ ᠬᠠᠪᠴᠢᠯ ᠤᠨ ᠬᠠᠭᠤᠷᠠᠢ ᠳᠡᠭᠡᠷᠡᠬᠢ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠦᠨᠳᠦᠰᠦᠨ ᠪᠠᠶᠢᠳᠠᠯ ᠵᠢᠴᠢ ᠬᠤᠸᠠᠳᠧ ᠶᠢᠨ ᠡᠬᠢ ᠰᠤᠷᠪᠤᠯᠵᠢ ᠪᠠ ᠰᠦᠯᠵᠢᠶ᠎ᠡ᠂ ᠴᠡᠨᠡᠭ᠂ ᠨᠥᠭᠡᠴᠡᠯᠡᠯ ᠤᠨ ᠵᠢᠱᠢᠶ᠎ᠡ ᠦᠵᠡᠭᠦᠯᠬᠦ ᠲᠦᠷᠦᠯ ᠵᠦᠢᠯ ᠂ ᠶᠡᠭᠡ ᠬᠡᠪᠴᠢᠶᠡᠨ ᠤ ᠠᠪᠴᠢᠮᠠᠯ ᠠᠭᠠᠷ ᠤᠨ ᠡᠨᠧᠷᠭᠢ ᠶᠢᠨ ᠬᠠᠳᠠᠭᠠᠯᠠᠮᠵᠢ ᠶᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ ᠂ ᠬᠤᠷᠠᠯ ᠳᠤ ᠣᠷᠣᠯᠴᠠᠭᠰᠠᠨ ᠨᠥᠬᠦᠳ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠤᠳᠤᠯᠤᠨ ᠶᠠᠷᠢᠯᠴᠠᠪᠠ ᠃    ᠴᠠᠩ ᠳ᠋ᠠ ᠸᠧᠢ ᠢᠯᠡᠳᠭᠡᠬᠦ ᠳᠡᠭᠡᠨ᠂ ᠬᠤᠸᠠᠳᠧ ᠥᠩᠭᠡᠷᠡᠭᠰᠡᠨ ᠲᠠᠢ ᠪᠠᠨ ᠠᠳᠠᠯᠢ ᠪᠠᠷ ᠭᠤᠷᠪᠠᠨ ᠬᠠᠪᠴᠢᠯ ᠤᠨ ᠬᠠᠭᠤᠷᠠᠢ ᠳᠡᠭᠡᠷᠡᠬᠢ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠥᠭᠵᠢᠯᠲᠡ ᠶᠢ ᠳᠡᠮᠵᠢᠵᠦ ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠪᠠᠷᠢᠯᠭ᠎ᠠ ᠡᠬᠢᠯᠡᠭᠦᠯᠬᠦ ᠶᠢ ᠬᠦᠰᠡᠵᠦ ᠪᠠᠶᠢᠨ᠎ᠠ ᠭᠡᠪᠡ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠡᠦ · ᠴᠢᠯᠠᠭᠤ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2