ᠴᠠᠩ ᠳ᠋ᠠ ᠸᠧᠢ ᠪᠡᠭᠡᠵᠢᠩ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ 2023CNCIC ᠳᠤᠮᠳᠠᠳᠤ ᠤᠯᠤᠰ ᠤᠨ ᠡᠷᠦᠳᠡᠰᠦ ᠪᠣᠷᠳᠣᠭᠤᠷ ᠤᠨ ᠲᠦᠷᠦᠭᠦᠴᠦᠳ ᠤᠨ ᠬᠤᠷᠠᠯ ᠵᠢᠴᠢ ᠬᠥᠷᠥᠰᠥ ᠰᠢᠷᠣᠢ ᠶᠢ ᠰᠠᠶᠢᠵᠢᠷᠠᠭᠤᠯᠬᠤ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/9/15
    9 ᠰᠠᠷ᠎ᠠ ᠶᠢᠨ 10  ᠤ ᠡᠳᠦᠷ ᠠᠴᠠ 11  ᠤ ᠡᠳᠦᠷ ᠪᠣᠯᠲᠠᠯ᠎ᠠ ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠪᠦᠯᠬᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ ᠂ 2023CNCIC ᠳᠤᠮᠳᠠᠳᠤ ᠤᠯᠤᠰ ᠤᠨ ᠡᠷᠦᠳᠡᠰᠦ ᠪᠣᠷᠳᠣᠭᠤᠷ ᠤᠨ ᠲᠦᠷᠦᠭᠦᠴᠦᠳ ᠤᠨ ᠬᠤᠷᠠᠯ ᠵᠢᠴᠢ ᠬᠥᠷᠥᠰᠥ ᠰᠢᠷᠣᠢ ᠶᠢ ᠰᠠᠶᠢᠵᠢᠷᠠᠭᠤᠯᠵᠤ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠠ ᠃    ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ ᠳᠤ ᠂ ᠴᠠᠩ ᠳ᠋ᠠ ᠸᠧᠢ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ ᠤᠨ ᠠᠵᠢᠯ ᠲᠦᠷᠦᠯ ᠤᠨ ᠪᠠᠶᠢᠷᠢ ᠰᠠᠭᠤᠷᠢ ᠂ ᠠᠵᠢᠯ ᠲᠦᠷᠦᠯ ᠤᠨ ᠬᠢᠷᠢ ᠬᠡᠮ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶ᠎ᠡ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠶᠠᠷᠢᠯᠴᠠᠬᠤ ᠬᠤᠷᠠᠯ ᠳᠡᠭᠡᠷ᠎ᠡ ᠂ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ ᠤᠨ ᠤᠬᠠᠭᠤᠯᠭ᠎ᠠ ᠶᠢᠨ ᠹᠢᠯᠢᠮ ᠢ ᠦᠵᠡᠪᠡ ᠃ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠬᠦᠷᠢᠶᠡᠯᠡᠩ ᠤᠨ ᠬᠥᠬᠡᠬᠤᠲᠠ ᠶᠢᠨ ᠬᠤᠪᠢᠶᠠᠷᠢ ᠬᠦᠷᠢᠶᠡᠯᠡᠩ ᠤᠨ ᠳᠡᠳ᠋ ᠳᠠᠷᠤᠭ᠎ᠠ ᠵᠠᠩ ᠵᠢᠶᠦ᠋ᠨ ᠭᠦᠸᠧ ᠤᠯᠠᠭᠠᠨᠴᠠᠪ ᠤᠨ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠤᠨ ᠲᠤᠬᠠᠢ ᠨᠠᠷᠢᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠨᠥᠬᠦᠳ ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠲᠠᠷᠢᠶᠠᠯᠠᠩ ᠳᠠᠷᠢᠬᠤ ᠵᠡᠷᠭᠡ ᠲᠥᠷᠥᠯ ᠵᠦᠢᠯ ᠤᠨ ᠲᠤᠬᠠᠢ ᠰᠤᠳᠤᠯᠤᠨ ᠶᠠᠷᠢᠯᠴᠠᠪᠠ᠃     2023CNCIC ᠶᠢᠨ ᠳᠤᠮᠳᠠᠳᠤ ᠤᠯᠤᠰ ᠤᠨ ᠡᠷᠦᠳᠡᠰᠦ ᠪᠣᠷᠳᠣᠭᠤᠷ ᠤᠨ ᠲᠦᠷᠦᠭᠦᠴᠦᠳ ᠤᠨ ᠬᠤᠷᠠᠯ ᠵᠢᠴᠢ ᠬᠥᠷᠥᠰᠥ ᠰᠢᠷᠣᠢ ᠶᠢ ᠰᠠᠶᠢᠵᠢᠷᠠᠭᠤᠯᠵᠤ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ ᠳᠡᠭᠡᠷ᠎ᠡ ᠂ ᠴᠠᠩ ᠳ᠋ᠠ ᠸᠧᠢ  ᠬᠤᠸᠠᠳᠧ ᠰᠢᠶᠠᠨ ᠤ ᠨᠠᠮ ᠤᠨ ᠬᠤᠷᠢᠶ᠎ᠠ ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠲᠦᠷᠦᠭᠦᠴᠦᠳ ᠤᠨ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠂ ᠤᠷᠳᠤ ᠬᠤᠭᠤᠴᠠᠭᠠᠨ ᠤ ᠲᠤᠷᠰᠢ ᠬᠤᠸᠠᠳᠧ ᠰᠢᠶᠠᠨ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠱᠠᠲᠤᠨ ᠤ ᠤᠳᠤᠷᠢᠳᠤᠯᠭ᠎ᠠ ᠂ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ︕ ᠴᠠᠩ ᠳ᠋ᠠ ᠸᠧᠢ ᠬᠤᠸᠠᠳᠧ  ᠶᠢᠨ ᠭᠠᠵᠠᠷ ᠵᠦᠢ ᠶᠢᠨ ᠪᠠᠶᠢᠷᠢᠰᠢᠯ ᠂ ᠲᠡᠦᠬᠡ ᠰᠣᠶᠣᠯ ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠬᠤᠸᠠᠳᠧ  ᠶᠢᠨ ᠳᠠᠪᠠᠭᠤᠯᠢᠭ ᠢ ᠲᠠᠨᠢᠯᠴᠠᠭᠤᠯᠵᠤ ᠂ ᠮᠠᠨ ᠤ ᠰᠢᠶᠠᠨ ᠤ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ︽ ᠰᠢᠷ᠎ᠠ ᠪᠣᠯᠤᠷ ᠴᠢᠯᠠᠭᠤ︾ ᠶᠢᠨ ᠰᠢᠨ᠎ᠡ ᠮᠠᠲ᠋ᠧᠷᠢᠶᠠᠯ ᠵᠢᠴᠢ ᠰᠤᠳᠤᠯᠤᠨ ᠦᠢᠯᠡᠳᠦᠭᠰᠡᠨ ᠤᠯᠠᠨ ᠵᠦᠢᠯ ᠤᠨ ᠬᠤᠪᠣᠷ ᠴᠤᠬᠠᠭ ᠲᠡᠮᠦᠷᠯᠢᠭ ᠡᠯᠧᠮᠧᠨ᠋ᠲ ᠂ ᠰᠧᠯᠧᠨ ᠡᠯᠧᠮᠧᠨ᠋ᠲ ᠡᠯᠪᠡᠭ ᠠᠭᠤᠯᠤᠭᠰᠠᠨ ᠡᠷᠦᠳᠡᠰᠦ ᠶᠢᠨ ᠣᠷᠭᠠᠨᠢᠭ ᠪᠣᠷᠳᠣᠭᠤᠷ ᠢ ᠭᠤᠣᠯᠳᠠᠯᠭ᠎ᠠ ᠲᠠᠢ ᠲᠠᠨᠢᠯᠴᠠᠭᠤᠯᠪᠠ ᠃ ᠲᠡᠷᠡ ᠢᠯᠡᠳᠬᠡᠬᠦ ᠳᠡᠭᠡᠨ᠂ ᠠᠵᠤ ᠠᠬᠤᠶᠢᠯᠠᠯᠲᠠᠨ ᠢ ᠤᠷᠢᠵᠤ ᠬᠤᠸᠠᠳᠧ ᠰᠢᠶᠠᠨ ᠳᠤ ᠠᠩᠬᠠᠷᠤᠯ ᠢ  ᠨᠢ ᠬᠠᠨᠳᠤᠭᠤᠯᠵᠤ ᠂ ᠬᠤᠸᠠᠳᠧ ᠰᠢᠶᠠᠨ ᠳᠤ ᠣᠴᠢᠭᠤᠯᠵᠤ᠂ ᠬᠤᠸᠠᠳᠧ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠨ᠎ᠡ ᠃ ᠬᠤᠸᠠᠳᠧ ᠰᠢᠶᠠᠨ ᠡᠯ᠎ᠡ ᠵᠦᠢᠯ ᠤᠨ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠠᠵᠤ ᠠᠬᠤᠶᠢᠯᠠᠯ ᠤᠨ ᠬᠤᠸᠠᠳᠧ ᠰᠢᠶᠠᠨ ᠳᠤ ᠣᠷᠤᠬᠤ᠂ ᠬᠤᠸᠠᠳᠧ ᠰᠢᠶᠠᠨ ᠢ ᠬᠦᠭᠵᠢᠭᠦᠯᠬᠦ ᠳᠤ᠂ ᠬᠤᠸᠠᠳᠧ ᠰᠢᠶᠠᠨ ᠢ ᠳᠡᠭᠵᠢᠷᠡᠬᠦ ᠳᠤ ᠣᠷᠣᠯᠴᠠᠬᠤ ᠳᠤ ᠬᠦᠴᠦᠨ ᠨᠡᠮᠡᠷᠢᠯᠡᠨ᠎ᠡ ᠭᠡᠪᠡ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᠦ · ᠴᠢᠯᠠᠭᠤ ᠪᠣᠯᠣᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2