ᠮᠠᠨ ᠤ ᠰᠢᠶᠠᠨ ᠤ 2023 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠦᠨ ᠪᠣᠯᠪᠠᠰᠤᠷᠠᠭᠤᠯᠬᠤ ᠠᠩᠭᠢ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/9/19
    ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ 9 ᠰᠠᠷ᠎ᠠ ᠶᠢᠨ 11 ᠤ ᠡᠳᠦᠷ ᠠᠴᠠ 9 ᠰᠠᠷ᠎ᠠ ᠶᠢᠨ 16 ᠤ ᠡᠳᠦᠷ ᠪᠣᠯᠲᠠᠯ᠎ᠠ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ 2023 ᠣᠨ ᠤ ᠥᠨᠳᠥᠷ ᠬᠡᠪ ᠴᠢᠨᠠᠷ ᠪᠦᠬᠦᠢ ᠲᠠᠷᠢᠶᠠᠴᠢᠨ ᠢ ᠬᠥᠮᠥᠵᠢᠭᠦᠯᠬᠦ ᠪᠣᠯᠪᠠᠰᠤᠷᠠᠯ ᠤᠨ ᠠᠩᠭᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠲᠡᠭᠦᠰ ᠠᠮᠵᠢᠯᠲᠠ ᠲᠠᠢ ᠲᠡᠭᠦᠰᠪᠡ᠃

g1.png

    ᠠᠩᠭᠢ ᠡᠬᠢᠯᠡᠬᠦ ᠶᠣᠰᠣᠯᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ

ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠲᠠᠷᠢᠶᠠᠯᠠᠩ

ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ

ᠲᠣᠭᠤᠷᠢᠨ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢ᠂ ᠮᠠᠯᠴᠢᠨ ᠲᠠᠷᠢᠶᠠᠴᠢᠨ ᠤ 

ᠬᠤᠷᠰᠢᠶᠠᠵᠢᠯ ᠤᠨ ᠳᠠᠭᠠᠭᠤᠯᠤᠭᠴᠢ ᠪᠠᠷ ᠭᠤᠣᠯ ᠪᠣᠯᠭᠠᠵᠤ᠂ ᠠᠵᠤ ᠦᠢᠯᠡᠰ ᠤᠨ ᠬᠥᠭᠵᠢᠯᠲᠡ ᠳᠤ ᠰᠠᠭᠤᠷᠢᠯᠠᠨ᠂

ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠳᠦᠷᠢᠮ ᠤᠨ ᠰᠢᠰᠲ᠋ᠧᠮᠵᠢ ᠶᠢ ᠲᠠᠰᠤᠷᠠᠯᠲᠠ

ᠦᠭᠡᠢ ᠰᠦᠪᠡᠭᠴᠢᠯᠡᠨ ᠲᠡᠭᠦᠯᠳᠡᠷᠵᠢᠭᠦᠯᠵᠦ᠂ ᠠᠵᠤ ᠦᠢᠯᠡᠰ ᠢᠶᠠᠷ ᠪᠠᠶᠠᠵᠢᠭᠤᠯᠬᠤ ᠳᠠᠭᠠᠭᠤᠯᠤᠭᠴᠢ ᠶᠢ

ᠬᠥᠮᠥᠵᠢᠭᠦᠯᠦᠨ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠡᠯ᠎ᠡ ᠲᠦᠷᠦᠯ ᠤᠨ ᠳᠠᠭᠠᠭᠤᠯᠤᠭᠴᠢ ᠶᠢ ᠬᠥᠮᠥᠵᠢᠭᠦᠯᠬᠦ ᠪᠠᠷ ᠳᠠᠮᠵᠢᠭᠤᠯᠵᠤ ᠂ ᠠᠮᠤ ᠪᠤᠳᠠᠭᠠᠨ ᠤ ᠠᠮᠤᠷ ᠲᠦᠪᠰᠢᠨ

ᠪᠣᠯᠣᠨ ᠴᠢᠬᠤᠯᠠ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ

ᠪᠠᠲᠤᠯᠠᠬᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ

ᠴᠢᠩᠭ᠎ᠠ ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠃

g2.jpg

    ᠲᠤᠰ ᠡᠭᠡᠯᠵᠢ ᠶᠢᠨ ᠪᠣᠯᠪᠠᠰᠤᠷᠠᠯ ᠳᠤ ᠨᠡᠶᠢᠲᠡ 51 ᠰᠤᠷᠤᠭᠴᠢ  ᠲᠠᠢ᠂ ᠪᠣᠯᠪᠠᠰᠤᠷᠠᠭᠤᠯᠤᠯ ᠤᠨ ᠭᠤᠣᠯᠳᠠᠯᠭ᠎ᠠ

 ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ

ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠬᠤ᠂ ᠪᠠᠶᠢᠩᠭᠤ

ᠲᠣᠬᠢᠶᠠᠯᠳᠤᠬᠤ ᠠᠮᠢᠲᠠᠨ ᠤ ᠬᠢᠵᠢᠭ ᠡᠪᠡᠳᠴᠢᠨ ᠤ ᠲᠤᠬᠠᠢ ᠲᠠᠨᠢᠯᠲᠠ ᠪᠠ ᠰᠡᠷᠭᠡᠶᠢᠯᠡᠯᠲᠡ᠂ ᠬᠤᠸᠠᠳᠧ ᠰᠢᠶᠠᠨ ᠤ

ᠪᠦᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠂

ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠂ ᠠᠮᠢᠲᠠᠨ ᠤ ᠬᠠᠯᠳᠠᠪᠤᠷᠢᠲᠤ ᠡᠪᠡᠳᠴᠢᠨ ᠢ

ᠰᠡᠷᠭᠡᠶᠢᠯᠡᠨ ᠡᠵᠡᠮᠳᠡᠬᠦ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠵᠢᠴᠢ

ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠮᠠᠰᠢᠨᠴᠢᠯᠠᠯᠲᠠ ᠶᠢᠨ ᠬᠠᠮᠠᠭᠠᠯᠠᠯᠲᠠ ᠶᠢᠨ ᠴᠢᠨᠠᠷᠲᠠᠢ

ᠲᠠᠷᠢᠶᠠᠯᠠᠭ᠎ᠠ ᠵᠡᠷᠭᠡ ᠠᠭᠤᠯᠭ᠎ᠠ ᠪᠣᠯᠣᠨ᠎ᠠ᠃

    ᠪᠣᠯᠪᠠᠰᠤᠷᠠᠭᠤᠯᠤᠯ ᠳᠠᠭᠤᠰᠤᠭᠰᠠᠨ ᠤ ᠲᠠᠷᠠᠭ᠎ᠠ ᠂ ᠰᠢᠯᠢᠳᠡᠭ ᠰᠤᠷᠤᠭᠴᠢᠳ ᠢ ᠬᠥᠬᠢᠭᠦᠯᠦᠨ ᠰᠠᠶᠢᠰᠢᠶᠠᠬᠤ ᠶᠢᠨ

ᠬᠠᠮᠲᠤ ᠪᠤᠢ ᠪᠦᠬᠦᠢ ᠰᠤᠷᠤᠭᠴᠢᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠪᠡ᠃ ᠪᠣᠯᠪᠠᠰᠤᠷᠠᠯ ᠢᠶᠠᠷ

ᠳᠠᠮᠵᠢᠨ᠂ ᠮᠠᠨ ᠤ ᠰᠢᠶᠠᠨ ᠳᠤ ᠰᠣᠶᠣᠯ ᠲᠠᠢ ᠂ ᠮᠡᠷᠭᠡᠵᠢᠯ ᠲᠠᠢ ᠂ ᠡᠵᠡᠩᠨᠡᠬᠦ ᠳᠡᠭᠡᠨ ᠴᠢᠳᠠᠮᠠᠭᠠᠢ ᠂ ᠬᠠᠮᠢᠶᠠᠷᠴᠤ ᠴᠢᠳᠠᠬᠤ

ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠡᠩᠨᠡᠭᠡ ᠶᠢ ᠬᠥᠮᠥᠵᠢᠭᠦᠯᠵᠦ ᠂ ᠪᠦᠬᠦ ᠰᠢᠶᠠᠨ ᠤ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ  

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2