︽ᠬᠤᠸᠠᠳᠧ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾  ᠤᠨ ᠲᠤᠬᠠᠢ ᠲᠦᠷᠦ ᠶᠢᠨ ᠪᠣᠳᠣᠯᠭ᠎ᠠ ᠶᠢᠨ ᠲᠠᠶᠢᠯᠤᠮᠵᠢ ︵ᠬᠤᠷᠸ᠎ᠠ ᠠᠵᠤ ᠠᠬᠤᠢ ᠶᠢᠨ ᠶᠡᠭᠡ ᠵᠠᠬ᠎ᠠ ᠶᠢ ᠲᠣᠭᠲᠠᠪᠤᠷᠢᠵᠢᠭᠤᠯᠤᠨ᠎ᠠ︶
ᠨᠡᠶᠢᠲᠡᠯᠡᠭᠰᠡᠨ ᠴᠠᠭ᠄
2023/9/2
    8 ᠰᠠᠷ᠎ᠠ ᠶᠢᠨ 31 ᠤ ᠡᠳᠦᠷ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ︽ᠬᠤᠸᠠᠳᠧ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠨᠡᠶᠢᠲᠡᠯᠡᠵᠦ᠂ ︽ᠬᠡᠷᠡᠭᠵᠢᠭᠦᠯᠬᠦ ᠨᠠᠷᠢᠨ ᠳᠦᠷᠢᠮ︾ ᠤᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠃    ᠨᠢᠭᠡ᠂ ︽ᠬᠡᠷᠡᠭᠵᠢᠭᠦᠯᠬᠦ ᠨᠠᠷᠢᠨ ᠳᠦᠷᠢᠮ︾ ᠢ ᠨᠡᠶᠢᠲᠡᠯᠡᠭᠰᠡᠨ ᠦᠨᠳᠦᠰᠦᠯᠡᠯ ᠨᠢ ᠶᠠᠭᠤ ᠪᠣᠶ︖    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠡᠢ᠃ ᠰᠢ ᠶᠢᠨ ᠫᠢᠩ ᠶᠡᠷᠦᠩᠬᠡᠢ ᠱᠦᠵᠢ ᠡᠳ᠋ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠵᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠵᠠᠢ ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠰᠢᠶᠠᠨ ᠤ ᠬᠠᠷᠢᠶ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ︾ ᠂ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠨᠠᠷᠢᠨ ᠳᠦᠷᠢᠮ ᠢ ᠣᠨᠴᠠᠭᠠᠶᠢᠯᠠᠨ ᠲᠣᠭᠲᠠᠭᠠᠪᠠ᠃    ᠬᠤᠶᠠᠷ ᠂ ︽ ᠬᠡᠷᠡᠭᠵᠢᠭᠦᠯᠬᠦ ᠨᠠᠷᠢᠨ ᠳᠦᠷᠢᠮ︾ ᠤᠨ ᠬᠡᠷᠡᠭᠯᠡᠬᠦ ᠬᠦᠷᠢᠶ᠎ᠡ ᠬᠡᠪᠴᠢᠶ᠎ᠡ ᠨᠢ ᠶᠠᠮᠠᠷ ᠪᠤᠢ ︖    ︽ᠬᠡᠷᠡᠭᠵᠢᠭᠦᠯᠬᠦ ᠨᠠᠷᠢᠨ ᠳᠦᠷᠢᠮ︾ ᠢ ᠭᠤᠣᠯᠳᠠᠭᠤ ᠲᠤᠰ ᠰᠢᠶᠠᠨ ᠤ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ︵ᠡᠭᠦᠨ ᠳᠤ ᠄ ᠤᠯᠤᠰ ᠤᠨ ᠥᠮᠴᠢᠯᠡᠯ ᠤᠨ ᠲᠤᠰᠠᠭᠠᠷ ᠪᠡᠯᠡᠳᠤ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠲᠤᠰᠠᠭᠠᠷ ᠪᠡᠯᠡᠳᠤ ᠺᠣᠮᠫᠠᠨᠢ ᠂ ᠤᠯᠤᠰ ᠤᠨ ᠥᠮᠴᠢᠯᠡᠯ ᠤᠨ ᠬᠥᠷᠥᠩᠭᠡ ᠶᠢᠨ ᠬᠤᠪᠢ ᠡᠵᠡᠮᠳᠡᠭᠰᠡᠨ ᠺᠣᠮᠫᠠᠨᠢ ᠂ ᠤᠯᠤᠰ ᠤᠨ ᠥᠮᠴᠢᠯᠡᠯ ᠤᠨ ᠬᠥᠷᠥᠩᠭᠡ ᠶᠢᠨ ᠬᠤᠪᠢ ᠣᠷᠣᠭᠤᠯᠤᠭᠰᠠᠨ ᠺᠣᠮᠫᠠᠨᠢ ᠵᠢᠴᠢ ᠠᠵᠤ ᠠᠬᠤᠢᠢᠯᠠᠯᠴᠢᠯᠠᠬᠰᠠᠨ ᠬᠠᠮᠢᠶᠠᠷᠤᠯᠲᠠ ᠶᠢᠨ ᠠᠵᠢᠯ ᠦᠢᠯᠡᠰ ᠤᠨ ᠨᠢᠭᠡᠴᠡ ᠪᠠᠭᠲᠠᠨ᠎ᠠ︶ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠳᠤ ᠬᠡᠷᠡᠭᠯᠡᠨ᠎ᠡ ᠃   ᠭᠤᠷᠪᠠ ᠂ ︽ᠬᠡᠷᠡᠭᠵᠢᠭᠦᠯᠬᠦ ᠨᠠᠷᠢᠨ ᠳᠦᠷᠢᠮ︾ ᠤᠨ ᠭᠤᠣᠯ ᠠᠭᠤᠯᠭ᠎ᠠ ᠨᠢ ᠶᠠᠭᠤ ᠪᠤᠢ ︖    ︽ᠬᠡᠷᠡᠭᠵᠢᠭᠦᠯᠬᠦ ᠨᠠᠷᠢᠨ ᠳᠦᠷᠢᠮ︾ ᠳᠤ ᠭᠤᠣᠯᠳᠠᠭᠤ ᠮᠠᠨ ᠤ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠲᠤᠬᠠᠢ ᠪᠦᠭᠦ ᠲᠠᠯ᠎ᠠ ᠶᠢᠨ ᠲᠣᠭᠲᠠᠭᠠᠯ ᠭᠠᠷᠭᠠᠵᠠᠢ ᠃ ᠨᠡᠶᠢᠳᠡ ᠠᠷᠪᠠᠨ ᠪᠦᠯᠦᠭ ᠵᠢᠷᠠᠨ ᠬᠤᠶᠠᠷ ᠵᠦᠢᠯ ᠲᠠᠢ ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ ᠄    ᠨᠢᠭᠡᠳᠦᠭᠡᠷ ᠪᠦᠯᠦᠭ᠄ ᠶᠡᠷᠦᠩᠬᠡᠢ ᠳᠦᠷᠢᠮ᠂ ︽ᠬᠡᠷᠡᠭᠵᠢᠭᠦᠯᠬᠦ ᠨᠠᠷᠢᠨ ᠳᠦᠷᠢᠮ︾ ᠢ ᠲᠤᠭᠤᠷᠪᠢᠭᠰᠠᠨ ᠦᠨᠳᠦᠰᠦᠯᠡᠯ ᠵᠢᠴᠢ ᠬᠡᠷᠡᠭᠯᠡᠬᠦ ᠬᠡᠪᠴᠢᠶ᠎ᠡ ᠵᠡᠷᠭᠡ ᠶᠢ ᠲᠣᠳᠣᠷᠬᠠᠶᠢᠯᠠᠨ᠎ᠠ︔    ᠬᠤᠶᠠᠳᠤᠭᠠᠷ ᠪᠦᠯᠦᠭ ᠄ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠨ᠎ᠠ︔    ᠭᠤᠷᠪᠠᠳᠤᠭᠠᠷ ᠪᠦᠯᠦᠭ ᠄ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠂ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠭᠠᠳᠠᠭᠠᠳᠤ ᠳᠤ ᠪᠡᠯᠡᠭᠯᠡᠨ ᠬᠦᠷᠭᠡᠬᠦ ᠵᠡᠷᠭᠡ ᠡᠵᠡᠩᠨᠡᠯᠲᠡ ᠶᠢᠨ ᠠᠵᠢᠯᠯᠠᠭ᠎ᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠲᠣᠭᠲᠠᠭᠠᠯ︔    ᠳᠥᠷᠪᠡᠳᠦᠭᠡᠷ ᠪᠦᠯᠦᠭ ᠄ ᠠᠵᠤ ᠠᠬᠤᠶᠢᠯᠠᠯ ᠤᠨ ᠠᠵᠢᠯᠲᠠᠨ ᠤ ᠬᠠᠮᠢᠶᠠᠷᠤᠯᠲᠠ᠂ ᠠᠵᠤ ᠠᠬᠤᠶᠢᠯᠠᠯ ᠤᠨ ᠬᠠᠮᠢᠶᠠᠷᠤᠭᠴᠢ ᠶᠢᠨ ᠲᠤᠰᠢᠶᠠᠯ ᠡᠭᠦᠷᠭᠡᠯᠡᠬᠦ ᠨᠥᠬᠦᠴᠡᠯ ᠂ ᠲᠤᠰᠢᠶᠠᠯ ᠳᠤ ᠲᠣᠮᠢᠯᠠᠬᠤ ᠵᠢᠷᠤᠮ ᠪᠣᠯᠣᠨ ᠬᠢᠨᠠᠨ ᠰᠢᠯᠭᠠᠬᠤ ᠵᠢᠷᠤᠮ ᠵᠡᠷᠭᠡ ᠶᠢ ᠲᠣᠳᠣᠷᠬᠠᠶᠢᠯᠠᠨ᠎ᠠ︔    ᠲᠠᠪᠤᠳᠤᠭᠠᠷ ᠪᠦᠯᠦᠭ ᠄ ᠠᠵᠤ ᠠᠬᠤᠶᠢᠯᠠᠯ ᠤᠨ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ ᠳᠤ ᠂ ᠴᠢᠬᠤᠯᠠ ᠶᠡᠭᠡ ᠵᠦᠢᠯᠡᠰ ᠤᠨ ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠬᠦ ᠴᠢᠬᠤᠯᠠᠲᠠᠢ ᠴᠢᠬᠤᠯᠠ ᠶᠡᠭᠡ ᠵᠦᠢᠯᠡᠰ ᠢ ᠲᠣᠳᠣᠷᠬᠠᠶᠢᠯᠠᠬᠤ ᠶᠢᠨ ᠬᠠᠮᠲᠤ ᠠᠵᠤ ᠠᠬᠤᠶᠢᠯᠠᠯ ᠤᠨ ᠪᠠᠶᠢᠭᠤᠯᠤᠯ ᠢ ᠥᠭᠡᠷᠡᠴᠢᠯᠡᠬᠦ ᠂ ᠬᠤᠯᠪᠣᠯᠳᠤᠭᠰᠠᠨ ᠲᠠᠯ᠎ᠠ ᠯᠤᠭ᠎ᠠ ᠶᠢᠨ ᠠᠷᠠᠯᠵᠢᠶ᠎ᠠ ᠂ ᠡᠳ᠋ ᠬᠥᠷᠥᠩᠭᠡ ᠶᠢ ᠦᠨᠡᠯᠡᠨ ᠵᠢᠱᠢᠬᠦ ᠂ ᠪᠡᠯᠡ ᠣᠷᠣᠭᠤᠯᠬᠤ ᠵᠢᠴᠢ ᠪᠡᠯᠡ ᠲᠣᠬᠢᠷᠠᠭᠤᠯᠬᠤ ᠂ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠵᠡᠷᠭᠡ ᠴᠢᠬᠤᠯᠠ ᠶᠡᠭᠡ ᠵᠦᠢᠯᠡᠰ ᠤᠨ ᠲᠤᠬᠠᠢ ᠨᠠᠷᠢᠨ ᠲᠣᠳᠣᠷᠬᠠᠢ ᠲᠣᠭᠲᠠᠭᠠᠯ ᠭᠠᠷᠭᠠᠪᠠ︔    ᠵᠢᠷᠭᠤᠳᠤᠭᠠᠷ ᠪᠦᠯᠦᠭ ᠄ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠣᠷᠤᠯᠭ᠎ᠠ ᠵᠠᠷᠤᠯᠭ᠎ᠠ ᠶᠢᠨ ᠬᠦᠷᠢᠶ᠎ᠡ ᠬᠡᠪᠴᠢᠶ᠎ᠡ ᠶᠢ ᠲᠣᠳᠤᠷᠬᠠᠶᠢᠯᠠᠨ᠎ᠠ ︔ᠳᠣᠯᠣᠳᠤᠭᠠᠷ ᠪᠦᠯᠦᠭ ᠄ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ ᠳᠠᠭᠠᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠲᠤᠬᠠᠢ ᠨᠠᠷᠢᠨ ᠲᠣᠭᠲᠠᠭᠠᠯ ᠭᠠᠷᠭᠠᠵᠠᠢ︔    ᠨᠠᠢᠮᠠᠳᠤᠭᠠᠷ ᠪᠦᠯᠦᠭ ᠄ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠴᠠᠯᠢᠩ ᠬᠥᠯᠥᠰᠦ ᠶᠢᠨ ᠬᠠᠮᠢᠶᠠᠷᠤᠯᠲᠠ ᠳᠤ ᠠᠵᠢᠯ ᠤᠨ ᠠᠮᠵᠢᠯᠲᠠ ᠪᠦᠲᠦᠮᠵᠢ ᠪᠠ ᠴᠠᠯᠢᠩ ᠬᠥᠯᠥᠰᠦ ᠶᠢᠨ ᠲᠤᠬᠠᠢ ᠲᠣᠳᠣᠷᠬᠠᠢ ᠲᠣᠭᠲᠠᠭᠠᠯ ᠭᠠᠷᠭᠠᠪᠠ︔ᠶᠢᠰᠦᠳᠦᠭᠡᠷ ᠪᠦᠯᠦᠭ ᠄ ᠬᠠᠤᠯᠢ ᠶᠢᠨ ᠬᠠᠷᠢᠭᠤᠴᠠᠯᠭ᠎ᠠ᠂ ᠬᠠᠤᠯᠢ ᠶᠢ ᠵᠥᠷᠢᠴᠡᠵᠦ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢᠨ ᠡᠭᠦᠷᠭᠡᠯᠡᠬᠦ ᠶᠣᠰᠣᠲᠠᠢ ᠬᠠᠤᠯᠢ ᠶᠢᠨ ᠬᠠᠷᠢᠭᠤᠴᠠᠯᠭ᠎ᠠ ᠶᠢᠨ ᠲᠤᠬᠠᠢ ᠨᠠᠷᠢᠨ ᠲᠣᠭᠲᠠᠭᠠᠯ ᠭᠠᠷᠭᠠᠪᠠ︔    ᠠᠷᠪᠠᠳᠤᠭᠠᠷ ᠪᠦᠯᠦᠭ ᠄ ᠳᠠᠭᠠᠯᠳᠤᠭᠤᠯᠤᠭᠰᠠᠨ ᠳᠦᠷᠢᠮ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠳᠤ ᠪᠣᠳᠠᠲᠠᠢ ᠬᠡᠷᠡᠭᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠲᠣᠳᠣᠷᠬᠠᠶᠢᠯᠠᠨ᠎ᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2