ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ︾ ᠵᠢᠴᠢ ᠬᠤᠶᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠠᠶᠠᠷ ᠤᠨ ᠠᠵᠢᠯᠯᠠᠭ᠎ᠠ ᠳᠤ ᠣᠷᠤᠯᠴᠠᠪᠠ
ᠨᠡᠶᠢᠲᠡᠯᠡᠭᠰᠡᠨ ᠴᠠᠭ᠄
2023/9/20
    9 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠡᠷᠭᠢᠯᠡᠭᠰᠡᠨ 2023 ᠣᠨ ᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ︾ ᠵᠢᠴᠢ ᠬᠤᠶᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠠᠶᠠᠷ ᠤᠨ ᠰᠢᠷᠢᠰ ᠠᠵᠢᠯᠯᠠᠭ᠎ᠠ — ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠰᠢᠢᠳᠪᠦᠷᠢᠲᠦ ᠤᠷᠤᠯᠳᠤᠭᠠᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠲᠡᠭᠦᠰ ᠠᠮᠵᠢᠯᠲᠠ ᠲᠠᠢ ᠥᠨᠳᠥᠷᠯᠡᠪᠡ᠃

01.png

   6 ᠬᠤᠰᠢᠭᠤ ᠰᠢᠶᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠲᠣᠰ ᠤᠳᠠᠭᠠᠨ ᠤ ᠰᠢᠢᠳᠪᠦᠷᠢᠲᠦ

ᠤᠷᠤᠯᠳᠤᠭᠠᠨ ᠳᠤ ᠣᠷᠣᠯᠴᠠᠵᠤ᠂ ᠮᠠᠯᠴᠢᠨ ᠲᠠᠷᠢᠶᠠᠴᠢᠨ᠂ ᠠᠵᠤ ᠦᠢᠯᠡᠰ ᠤᠨ ᠠᠵᠢᠯᠴᠢᠨ᠂ ᠨᠠᠰᠤᠲᠠᠶᠢᠴᠤᠳ᠂

ᠠᠯᠪᠠᠲᠠᠨ ᠪᠠ ᠤᠳᠤᠷᠢᠳᠬᠤ ᠺᠠᠳ᠋ᠷᠴᠤᠳ ᠤᠨ ᠲᠥᠯᠥᠭᠡᠯᠡᠭᠴᠢ ᠠᠴᠠ ᠣᠷᠣᠯᠴᠠᠭᠰᠠᠨ ᠪᠠᠶᠢᠨ᠎ᠠ᠃

02.png

    ᠮᠠᠨ ᠤ ᠰᠢᠶᠠᠨ ᠤ ᠲᠥᠯᠥᠭᠡᠯᠡᠭᠴᠢᠳ ᠤᠨ ᠠᠩᠭᠢ ᠶᠢᠨ 4 ᠤᠷᠤᠯᠳᠤᠭᠠᠨ ᠳᠤ ᠣᠷᠤᠯᠴᠠᠭᠴᠢ ᠬᠤᠷᠴᠠ

ᠰᠢᠷᠦᠭᠦᠨ ᠤᠷᠤᠯᠳᠤᠭᠠᠨ ᠤ ᠶᠠᠪᠤᠴᠠ ᠳᠤ ᠯᠠᠪᠳᠠᠭᠤᠨ ᠲᠣᠭᠲᠠᠭᠤᠨ ᠂ ᠬᠤᠷᠴᠠ ᠰᠠᠮᠪᠠᠭᠠᠯᠢᠭ ᠢᠶᠠᠷ ᠵᠠᠪᠳᠤᠨ  

ᠬᠠᠷᠢᠭᠤᠯᠵᠤ ᠪᠠᠶᠢᠪᠠ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠮᠠᠨ ᠤ ᠰᠢᠶᠠᠨ ᠤ

ᠲᠥᠯᠥᠭᠡᠯᠡᠭᠴᠢᠳ ᠤᠨ ᠠᠩᠭᠢ ᠪᠦᠬᠦ ᠬᠤᠳᠠ ᠶᠢᠨ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ

ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ ᠂ ᠣᠷᠤᠯᠴᠠᠭᠴᠢ ᠼᠤᠤ ᠱᠠ ᠱᠠ ᠬᠠᠮᠤᠭ ᠤᠨ

ᠰᠢᠯᠢᠳᠡᠭ ᠶᠠᠷᠢᠶ᠎ᠠ ᠲᠠᠯᠪᠢᠭᠴᠢ ᠪᠣᠯᠵᠤ ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠯᠢᠳᠡᠭ

ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠬᠦᠷᠲᠡᠵᠡᠢ ᠃

03.png

    ᠡᠭᠦᠨ ᠤ ᠬᠠᠮᠲᠤ᠂ ᠮᠠᠨ ᠤ ᠰᠢᠶᠠᠨ ᠤ ᠤᠷᠤᠯᠳᠤᠭᠠᠨ ᠳᠤ ᠣᠷᠣᠯᠴᠠᠭᠴᠢ ᠶᠠᠨ ᠰᠢᠶᠣᠣ ᠮᠢᠨ ᠵᠡᠷᠭᠡ ᠳᠥᠷᠪᠡᠨ

ᠨᠥᠬᠦᠳ ᠢᠶᠠᠷ ᠪᠦᠷᠢᠯᠳᠦᠭᠰᠡᠨ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠠᠩᠭᠢ 9 ᠰᠠᠷ᠎ᠠ ᠶᠢᠨ 15 ᠤ

ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ

ᠤᠷᠤᠯᠳᠤᠭᠠᠨ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ

ᠬᠡᠪ ᠴᠢᠨᠠᠷ ᠤᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃

    ᠡᠭᠦᠨ ᠠᠴᠠ ᠭᠠᠳᠠᠨ᠎ᠠ᠂ ᠲᠣᠰ ᠤᠳᠠᠭᠠᠨ ᠤ ᠰᠢᠷᠢᠰ ᠠᠵᠢᠯᠯᠠᠭ᠎ᠠ ᠳᠤ ᠮᠠᠨ ᠤ ᠰᠢᠶᠠᠨ ᠤ ᠰᠢᠨᠵᠢᠯᠡᠬᠦ ᠤᠬᠠᠭᠠᠨ

ᠮᠡᠷᠭᠡᠵᠢᠯ ᠤᠨ ᠨᠡᠶᠢᠭᠡᠮᠯᠢᠭ ᠪᠥᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ

ᠲᠦᠭᠡᠮᠡᠯᠵᠢᠭᠦᠯᠬᠦ ᠵᠦᠴᠦᠭᠡ ᠶᠢᠨ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠪᠠ ᠪᠥᠬᠦ ᠬᠤᠲᠠ ᠶᠢᠨ ᠳᠥᠷᠪᠡᠳᠦᠭᠡᠷ

ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠮᠠᠰᠢᠨ ᠬᠥᠮᠥᠨ ᠤ ᠤᠷᠤᠯᠳᠤᠭᠠᠨ ᠳᠤ ᠣᠷᠣᠯᠴᠠᠬᠤ ᠳᠠᠭᠠᠨ ᠲᠣᠰ

ᠲᠣᠰ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠭᠰᠡᠨ ᠪᠠᠶᠢᠨ᠎ᠠ᠃

    ᠬᠤᠶᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠶᠠᠷ ᠤᠨ ᠰᠢᠷᠢᠰ ᠠᠵᠢᠯᠯᠠᠭ᠎ᠠ ᠪᠠᠷ

ᠳᠠᠮᠵᠢᠭᠤᠯᠤᠨ᠂ ᠪᠦᠬᠦ ᠰᠢᠶᠠᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠬᠤ ᠬᠠᠯᠠᠭᠤᠨ ᠥᠷᠨᠢᠯᠲᠡ

ᠭᠠᠷᠭᠠᠵᠤ ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠲᠦᠷᠭᠡᠪᠴᠢᠯᠡᠨ ᠳᠡᠭᠡᠭᠰᠢᠯᠡᠭᠦᠯᠬᠦ ᠶᠢ ᠤᠯᠠᠮ

ᠨᠢᠭᠡ ᠠᠯᠬᠤᠮ ᠠᠬᠢᠭᠤᠯᠬᠤ ᠳᠤ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠪᠠ ᠲᠦᠯᠬᠢᠨ ᠠᠬᠢᠭᠤᠯᠬᠤ ᠦᠢᠯᠡᠳᠦᠯ

ᠦᠵᠡᠭᠦᠯᠵᠦ ᠂ ︽ᠰᠢᠨᠵᠢᠯᠡᠬᠦ ᠤᠬᠠᠭᠠᠨ ᠢ ᠡᠷᠬᠢᠮᠯᠡᠬᠦ ᠂ ᠰᠢᠨᠵᠢᠯᠡᠬᠦ ᠤᠬᠠᠭᠠᠨ ᠢ ᠰᠤᠷᠤᠯᠴᠠᠬᠤ ᠂ ᠰᠢᠨᠵᠢᠯᠡᠬᠦ

ᠤᠬᠠᠭᠠᠨ ᠢ ᠬᠠᠶᠢᠷᠠᠯᠠᠬᠤ ᠂ ᠰᠢᠨᠵᠢᠯᠡᠬᠦ ᠤᠬᠠᠭᠠᠨ ᠢ ᠬᠡᠷᠡᠭᠯᠡᠬᠦ ︾ ᠬᠠᠯᠠᠭᠤᠨ ᠥᠷᠨᠢᠯᠲᠡ ᠭᠠᠷᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ  

 

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2