ᠮᠠᠨ ᠤ ᠰᠢᠶᠠᠨ ᠤ ᠴᠣᠣᠶᠠᠩ ᠪᠠᠯᠭᠠᠰᠤ ᠪᠡᠭᠡᠵᠢᠩ ᠬᠤᠳᠠ ᠶᠢᠨ ᠳ᠋ᠦᠩᠴᠧᠩ ᠲᠣᠭᠤᠷᠢᠭ ᠤᠨ ᠳ᠋ᠦᠩ ᠰᠾᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/9/21
       ᠳ᠋ᠦᠩᠴᠧᠩ ᠲᠣᠭᠤᠷᠢᠭ ᠪᠣᠯᠣᠨ ᠬᠤᠸᠠᠳᠧ ᠰᠢᠶᠠᠨ ᠤ ᠲᠤᠰᠠᠯᠠᠨ ᠳᠡᠮᠵᠢᠬᠦ ᠬᠠᠮᠲᠤᠷᠠᠯᠴᠠᠭᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ ᠂ ᠣᠶᠢᠷ᠎ᠠ ᠳᠤ ᠂ ᠮᠠᠨ ᠤ ᠰᠢᠶᠠᠨ ᠤ ᠴᠣᠣᠶᠠᠩ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ ᠶᠢᠨ ᠵᠢᠱᠢᠭᠳᠡᠭᠴᠢ ᠶᠠᠩ ᠴᠢᠩ ᠹᠧᠩ ᠨᠠᠷ ᠪᠡᠭᠡᠵᠢᠩ ᠬᠤᠳᠠ ᠶᠢᠨ ᠳ᠋ᠦᠩᠴᠧᠩ ᠲᠣᠭᠤᠷᠢᠭ ᠤᠨ ᠳ᠋ᠦᠩ ᠰᠾᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠵᠠᠢ ᠃

10.png

    ᠶᠠᠷᠢᠯᠴᠠᠬᠤ ᠬᠤᠷᠠᠯ ᠳᠡᠭᠡᠷ᠎ᠡ ᠂ ᠶᠠᠩ ᠴᠢᠩ ᠹᠧᠩ ᠲᠤᠰᠠᠯᠠᠮᠵᠢ ᠬᠦᠷᠲᠡᠭᠰᠡᠨ ᠠᠵᠢᠯ ᠤᠨ ᠪᠠᠶᠢᠳᠠᠯ ᠢᠶᠠᠨ

ᠬᠠᠷᠢᠭᠤ ᠮᠡᠳᠡᠭᠦᠯᠵᠦ ᠂ ᠬᠤᠶᠠᠷ ᠲᠠᠯ᠎ᠠ ᠪᠠᠷ ᠢᠶᠠᠨ ︽ ᠬᠤᠤᠰᠯᠠᠯ ᠪᠠᠶᠢᠭᠤᠯᠵᠤ ᠬᠠᠮᠲᠤᠪᠠᠷ ᠪᠠᠶᠢᠭᠤᠯᠬᠤ

ᠬᠡᠯᠡᠯᠴᠡᠭᠡᠷ ᠤᠨ ᠪᠢᠴᠢᠭ ︾ ᠲᠣᠭᠲᠠᠭᠰᠠᠨ ᠪᠥᠭᠡᠳ ᠬᠠᠮᠵᠢᠯᠴᠠᠨ ᠬᠠᠪᠰᠤᠷᠤᠨ ᠲᠡᠳᠬᠦᠬᠦ ᠠᠵᠢᠯ ᠤᠨ ᠲᠣᠭᠤᠷᠢᠨ ᠳᠤ

ᠭᠦᠨᠵᠡᠭᠡᠢ ᠰᠣᠯᠢᠯᠴᠠᠭ᠎ᠠ ᠥᠷᠨᠢᠭᠦᠯᠵᠦ ᠂ ᠬᠤᠶᠠᠷ ᠭᠠᠵᠠᠷ ᠤᠨ ᠨᠥᠬᠦᠷᠯᠡᠯ ᠢ ᠠᠭᠤᠵᠢᠷᠠᠲᠠᠯ᠎ᠠ ᠶᠠᠷᠢᠯᠴᠠᠵᠤ ᠂

ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠡᠢ ᠃

    ᠳ᠋ᠦᠩ ᠰᠾᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠢᠤᠸᠠᠢ ᠬᠤᠩ ᠹᠧᠩ᠂

ᠳ᠋ᠦᠩ ᠰᠾᠢ ᠵᠡᠭᠡᠯᠢ ᠭᠤᠳᠤᠮᠵᠢ ᠶᠢᠨ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠳᠡᠮᠵᠢᠬᠦ ᠠᠵᠢᠯ ᠪᠣᠯ

ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠᠲᠠᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ ᠂

ᠮᠥᠨᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠂ ᠬᠠᠮᠲᠤᠪᠠᠷ

ᠴᠢᠨᠡᠭᠡᠯᠢᠭᠵᠢᠬᠦ ᠶᠢ ᠪᠡᠶᠡᠯᠡᠭᠦᠯᠬᠦ ᠡᠭᠦᠷᠭᠡ ᠲᠠᠢ ᠬᠤᠯᠪᠣᠭᠳᠠᠨ᠎ᠠ ᠃ ᠬᠤᠶᠠᠷ ᠲᠠᠯ᠎ᠠ ᠶᠢᠨ ᠰᠣᠯᠢᠯᠴᠠᠭ᠎ᠠ ᠵᠣᠯᠭᠠᠯᠴᠠᠭ᠎ᠠ ᠶᠢ

ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ ᠂

ᠬᠠᠮᠲᠤᠷᠠᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ ᠂ ᠬᠠᠮᠲᠤᠷᠠᠯᠴᠠᠭᠠᠨ ᠤ ᠬᠦᠷᠢᠶ᠎ᠡ ᠶᠢ ᠥᠷᠭᠡᠳᠬᠡᠵᠦ ᠂

ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠲᠠᠰᠤᠷᠠᠯᠲᠠ ᠦᠭᠡᠢ

ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠨᠡᠩ ᠶᠡᠭᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠵᠦ 

ᠢᠯᠡᠳᠬᠡᠪᠡ᠃

11.png

   

    ᠶᠠᠩ ᠴᠢᠩ ᠹᠧᠩ ᠳ᠋ᠦᠩᠴᠧᠩ ᠲᠣᠭᠤᠷᠢᠭ ᠤᠨ ᠳ᠋ᠦᠩ ᠰᠾᠢ ᠵᠡᠭᠡᠯᠢ ᠭᠤᠳᠤᠮᠵᠢ ᠶᠢᠨ ᠤᠷᠳᠤ ᠬᠤᠭᠤᠴᠠᠭᠠᠨ ᠤ

ᠲᠤᠷᠰᠢ ᠴᠣᠣᠶᠠᠩ ᠪᠠᠯᠭᠠᠰᠤᠨ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠪᠠ ᠬᠠᠷᠠᠮ ᠦᠭᠡᠢ ᠲᠤᠰᠠᠯᠠᠮᠵᠢ ᠳᠤ

ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠢᠯᠡᠷᠬᠡᠶᠢᠯᠡᠬᠦ ᠳᠡᠭᠡᠨ᠂ ᠳ᠋ᠦᠩ ᠰᠾᠢ ᠵᠡᠭᠡᠯᠢ ᠭᠤᠳᠤᠮᠵᠢ ᠶᠢᠨ ᠬᠢᠨ

ᠴᠣᠣᠶᠠᠩ ᠪᠠᠯᠭᠠᠰᠤ ᠶᠢ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠭᠰᠡᠨ ᠠᠴᠠ ᠨᠠᠰᠢ᠂ ᠡᠷᠡᠰ ᠪᠠᠲᠤ

ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠦᠨᠳᠦᠰᠦᠲᠡᠨ ᠤ ᠭᠠᠵᠠᠷ ᠣᠷᠣᠨ ᠳᠠᠬᠢ ᠬᠢᠵᠠᠭᠠᠷ ᠦᠭᠡᠢ

ᠶᠡᠭᠡ ᠬᠠᠶᠢᠷ᠎ᠠ ᠪᠠᠷ ᠢᠶᠠᠨ ᠴᠣᠣᠶᠠᠩ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ

ᠳᠡᠮᠵᠢᠯᠭᠡ ᠪᠠ ᠬᠠᠪᠰᠤᠷᠤᠯᠭ᠎ᠠ ᠦᠵᠡᠭᠦᠯᠵᠡᠢ᠃ ᠴᠣᠣᠶᠠᠩ ᠪᠠᠯᠭᠠᠰᠤ ᠶᠢᠨ ᠬᠢᠨ ᠬᠠᠮᠵᠢᠯᠴᠠᠨ ᠲᠡᠳᠬᠦᠬᠦ ᠰᠢᠨ᠎ᠡ

ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠵᠦ ᠂ ᠵᠡᠭᠦᠨ ᠳᠥᠷᠪᠡᠳᠦᠭᠡᠷ ᠵᠡᠭᠡᠯᠢ ᠭᠤᠳᠤᠮᠵᠢ ᠶᠢᠨ ᠴᠣᠣᠶᠠᠩ

ᠪᠠᠯᠭᠠᠰᠤ ᠳᠤ ᠦᠵᠡᠭᠦᠯᠦᠭᠰᠡᠨ ᠬᠠᠪᠰᠤᠷᠤᠯᠭ᠎ᠠ ᠶᠢ ᠦᠨᠡᠨᠬᠦ ᠪᠦᠬᠦ ᠪᠠᠯᠭᠠᠰᠤᠨ ᠤ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠦᠨᠡᠨ

ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ ᠭᠡᠪᠡ᠃

ᠵᠣᠬᠢᠶᠠᠭᠴᠢ᠄ ᠴᠣᠣᠶᠠᠩ ᠪᠠᠯᠭᠠᠰᠤ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠡᠯ᠎ᠡ ᠰᠢᠶᠠᠩ ᠪᠠᠯᠭᠠᠰᠤ 

 

 
ᠢᠷᠡᠯᠲᠡ᠄ ᠡᠯ᠎ᠡ ᠰᠢᠶᠠᠩ ᠪᠠᠯᠭᠠᠰᠤ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2