ᠮᠠᠨ ᠤ ᠰᠢᠶᠠᠨ ᠤ ᠪᠠᠶᠠᠨᠲᠠᠯ᠎ᠠ ᠰᠢᠶᠠᠩ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/22
    9 ᠰᠠᠷ᠎ᠠ ᠶᠢᠨ 20 ᠤ ᠡᠳᠦᠷ᠂ ᠮᠠᠨ ᠤ ᠰᠢᠶᠠᠨ ᠤ ᠪᠠᠶᠠᠨᠲᠠᠯ᠎ᠠ ᠰᠢᠶᠠᠩ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠪᠦᠬᠦ ᠰᠢᠶᠠᠩ ᠤᠨ ᠭᠤᠣᠯ ᠰᠡᠳᠦᠪᠲᠦ ᠬᠥᠮᠦᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠵᠡᠢ ᠃ ᠰᠢᠶᠠᠩ ᠤᠨ ᠨᠠᠮ ᠤᠨ ᠬᠤᠷᠢᠶᠠᠨ ᠤ ᠱᠦᠵᠢ ᠾᠧ ᠵᠢᠶᠠᠩ ᠨᠥᠬᠦᠷ ᠬᠤᠷᠠᠯ ᠢ ᠡᠷᠬᠢᠯᠡᠭᠰᠡᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ ᠃

20.png

    ᠬᠤᠷᠠᠯ ᠡᠴᠠ‌‍ᠴᠢᠬᠤᠯᠠᠴᠢᠯᠠᠭᠰᠠᠨ  ᠨᠢ᠂ ︽ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂

ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ ᠂

ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠬᠦ ᠂ ᠵᠠᠩ ᠰᠤᠷᠲᠠᠯ ᠢ

ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ ᠂ ᠪᠣᠳᠠᠲᠠᠢ ᠠᠵᠢᠯᠯᠠᠵᠤ ᠬᠠᠷᠢᠭᠤᠴᠠᠯᠭ᠎ᠠ

ᠡᠭᠦᠷᠭᠡᠯᠡᠬᠦ ᠪᠠᠷ ᠬᠥᠭᠵᠢᠯᠲᠡ ᠶᠢ ᠠᠬᠢᠭᠤᠯᠬᠤ ᠂ ᠵᠣᠷᠢᠯᠲᠠ ᠶᠢ ᠦᠢᠯᠡᠳᠦᠯᠭᠡᠵᠢᠭᠦᠯᠵᠦ ᠠᠷᠠᠳ ᠲᠤ ᠪᠤᠶᠠᠨ ᠦᠢᠯᠡᠳᠬᠦ ᠂

ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ ᠰᠢᠨ᠎ᠡ ᠰᠤᠷᠲᠠᠯ ᠢ ᠪᠤᠢ ᠪᠣᠯᠭᠠᠬᠤ ᠬᠠᠷᠠᠯᠲᠠ ᠶᠢ

ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ ᠂

ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠬᠤ ᠪᠠᠷ ᠰᠤᠷᠲᠠᠯ ᠢ ᠬᠥᠭᠵᠢᠭᠡᠬᠦ ᠂

ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠣᠷᠣᠭᠤᠯᠵᠤ ᠪᠣᠳᠠᠲᠤ ᠦᠷ᠎ᠡ ᠪᠦᠲᠦᠮᠵᠢ

ᠣᠯᠬᠤ ᠪᠠᠷ ᠴᠢᠷᠮᠠᠶᠢᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ  ᠶᠢ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠲᠠᠢ ᠤᠶᠠᠯᠳᠤᠭᠤᠯᠵᠤ᠂ ᠰᠢ ᠶᠢᠨ ᠫᠢᠩ

ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠸᠠᠳᠧ

ᠰᠢᠶᠠᠨ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ

ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ ᠂ ᠪᠦᠬᠦ ᠰᠢᠶᠠᠩ ᠤᠨ ᠭᠤᠣᠯ ᠠᠵᠢᠯ ᠢ ᠠᠬᠢᠭᠤᠯᠬᠤ ᠲᠠᠢ

ᠤᠶᠠᠯᠳᠤᠭᠤᠯᠵᠤ ᠂ ᠪᠦᠬᠦ ᠰᠢᠶᠠᠩ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ

ᠰᠢᠨ᠎ᠡ ᠰᠢᠪᠲᠤᠯᠤᠯᠲᠠ ᠰᠢᠨ᠎ᠡ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠃

    ᠬᠤᠷᠠᠯ ᠠᠴᠠ ᠱᠠᠭᠠᠷᠳᠠᠭᠰᠠᠨ ᠨᠢ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠠᠲᠠᠭᠤ ᠪᠥᠭᠡᠳ

ᠴᠢᠩᠭ᠎ᠠ ᠪᠠᠶᠢᠯᠭᠠᠬᠤ ᠶᠢ ᠪᠠᠷᠢᠮᠲᠠᠯᠠᠨ᠂ ᠭᠤᠣᠯ ᠰᠡᠳᠦᠪᠲᠦ ᠬᠥᠮᠦᠵᠢᠯ ᠢ ᠬᠠᠮᠲᠤ ᠪᠠᠷ ᠰᠠᠶᠢᠲᠤᠷ ᠲᠥᠯᠥᠪᠯᠡᠵᠦ᠂

ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ

ᠨᠢᠭᠡᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠭᠠᠵᠤ ᠂ ᠠᠰᠠᠭᠤᠳᠠᠯ ᠢ ᠰᠢᠢᠳᠪᠦᠷᠢᠯᠡᠬᠦ ᠂ ᠠᠵᠢᠯ ᠢᠶᠠᠨ

ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠵᠤ ᠂ ᠬᠡᠯᠪᠡᠷᠢ ᠶᠢᠨ ᠦᠵᠡᠯ ᠂ ᠨᠣᠶᠠᠨᠴᠢ ᠰᠤᠷᠲᠠᠯ ᠤᠨ ᠬᠡᠯᠪᠡᠷᠢᠯ ᠢ ᠡᠷᠡᠰ

ᠰᠡᠷᠭᠡᠶᠢᠯᠡᠬᠦ ᠬᠡᠷᠡᠭᠲᠡᠢ ᠃ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠠᠳᠬᠤᠵᠤ ᠂ ᠰᠠᠶᠢᠨ ᠰᠠᠶᠢᠬᠠᠨ

ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ ᠂ ᠪᠦᠬᠦ ᠰᠢᠶᠠᠩ ᠤᠨ ᠥᠷᠭᠡᠨ ᠤᠯᠠᠨ ᠨᠠᠮ ᠤᠨ ᠭᠡᠰᠢᠭᠦᠨ

ᠺᠠᠳ᠋ᠷᠴᠤᠳ ᠤᠨ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠂ ᠠᠵᠢᠯ ᠬᠢᠵᠦ ᠠᠳᠠᠯ ᠦᠢᠯᠡᠰ ᠴᠣᠭᠴᠠᠯᠠᠬᠤ

ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ ᠂ ᠭᠤᠣᠯ ᠰᠡᠳᠦᠪᠲᠦ ᠬᠥᠮᠦᠵᠢᠯ ᠢ

ᠰᠠᠶᠢᠲᠤᠷ ᠥᠷᠨᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠃

    ᠲᠤᠰ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ︽ᠲᠠᠪᠤ ᠶᠢ ᠡᠷᠬᠢᠯᠡᠬᠦ ᠬᠤᠶᠠᠷ

ᠲᠥᠪ ᠨᠢᠭᠡ ᠲᠣᠪᠴᠢᠶ᠎ᠠ︾  ᠶᠢᠨ ᠬᠠᠷᠢᠭᠤᠴᠠᠯᠭᠠᠲᠠᠨ᠂ ᠰᠢᠶᠠᠩ ᠤᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ

ᠪᠣᠯᠣᠨ ᠲᠣᠰᠬᠤᠨ ᠤ ᠨᠠᠮ ᠤᠨ ᠡᠭᠦᠷ ᠤᠨ ᠱᠦᠵᠢ ᠂ ᠳᠡᠳ᠋ ᠱᠦᠵᠢ ᠨᠠᠷ ᠬᠤᠷᠠᠯ ᠳᠤ ᠣᠷᠣᠯᠴᠠᠵᠠᠢ ᠃

ᠵᠣᠬᠢᠶᠠᠭᠴᠢ᠄ ᠪᠠᠶᠠᠨᠲᠠᠯ᠎ᠠ ᠰᠢᠶᠠᠩ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠡᠯ᠎ᠡ ᠰᠢᠶᠠᠩ ᠪᠠᠯᠭᠠᠰᠤ 

 

 

 

 
ᠢᠷᠡᠯᠲᠡ᠄ ᠡᠯ᠎ᠡ ᠰᠢᠶᠠᠩ ᠪᠠᠯᠭᠠᠰᠤ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2