ᠮᠠᠨ ᠤ ᠰᠢᠶᠠᠨ ᠤ ᠴᠣᠣᠶᠠᠩ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/22
    ᠲᠦᠷᠦᠭᠦᠬᠡᠨ᠂ ᠮᠠᠨ ᠤ ᠰᠢᠶᠠᠨ ᠤ ᠴᠣᠣᠶᠠᠩ ᠪᠠᠯᠭᠠᠰᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢᠦ ᠯᠢᠨ ᠬᠤᠷᠠᠯ ᠳᠡᠭᠡᠷ᠎ᠡ ᠳᠠᠶᠢᠴᠢᠯᠠᠯᠲᠠ ᠶᠢᠨ ᠶᠠᠷᠢᠶ᠎ᠠ ᠲᠠᠯᠪᠢᠵᠤ ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠪᠠ ᠃

60.jpg

   

    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠰᠢᠷᠢᠰ

ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ

ᠰᠤᠷᠤᠯᠴᠠᠵᠤ ᠂ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠬᠦ ᠲᠤᠬᠠᠢ ᠲᠥᠪ ᠬᠤᠷᠢᠶ᠎ᠠ ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠳᠠ ᠶᠢᠨ ᠨᠠᠮ ᠤᠨ ᠬᠤᠷᠢᠶ᠎ᠠ ᠂ ᠰᠢᠶᠠᠨ ᠤ ᠨᠠᠮ ᠤᠨ ᠬᠤᠷᠢᠶ᠎ᠠ ᠶᠢᠨ

ᠱᠠᠭᠠᠷᠳᠠᠯᠭ᠎ᠠ ᠶᠢ ᠦᠨᠳᠦᠰᠦᠯᠡᠨ᠂ ᠴᠣᠣᠶᠠᠩ ᠪᠠᠯᠭᠠᠰᠤᠨ ᠤ ᠭᠤᠣᠯ ᠰᠡᠳᠦᠪᠲᠦ ᠬᠥᠮᠦᠵᠢᠯ ᠤᠨ ᠠᠵᠢᠯ ᠢ ᠲᠠᠶᠢᠴᠢᠯᠠᠵᠦ

ᠪᠠᠶᠢᠷᠢᠯᠠᠭᠤᠯᠪᠠ ᠃

61.jpg

   

    ᠨᠢᠦ ᠯᠢᠨ ᠵᠢᠭᠠᠵᠤ ᠭᠠᠷᠭᠠᠭᠰᠠᠨ ᠨᠢ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ

ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ

ᠡᠭᠦᠷᠭᠡ ᠪᠣᠯᠣᠨ᠎ᠠ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ

ᠭᠦᠨᠵᠡᠭᠡᠢ ᠠᠬᠢᠭᠤᠯᠬᠤ ᠴᠢᠬᠤᠯᠠ ᠪᠠᠶᠢᠷᠢᠯᠠᠭᠤᠯᠤᠯᠲᠠ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠲᠥᠪ ᠤᠨ

ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠳᠠᠭᠠᠨ

ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠂ ᠶᠡᠷᠦᠩᠬᠡᠢ ᠱᠠᠭᠠᠷᠳᠠᠯᠭ᠎ᠠ ᠪᠠ ᠬᠠᠷᠠᠯᠲᠠ

ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠪᠦᠬᠦ ᠨᠠᠮ ᠢᠶᠠᠷ ᠢᠶᠠᠨ ᠭᠤᠣᠯ ᠰᠡᠳᠦᠪᠲᠦ ᠬᠥᠮᠦᠵᠢᠯ ᠢ

ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠨ ᠥᠭᠴᠦ ᠂ ᠵᠢᠷᠤᠮᠯᠠᠯ ᠬᠠᠩᠭᠠᠵᠠᠢ ᠃

    ᠨᠢᠦ ᠯᠢᠨ ᠴᠢᠬᠤᠯᠠᠴᠢᠯᠠᠭᠰᠠᠨ ᠨᠢ᠂ ᠤᠨᠤᠯ ᠤᠨ ᠰᠤᠷᠤᠯᠴᠠᠯᠭ᠎ᠠ ᠳᠤ ᠪᠦᠬᠦ ᠲᠠᠯ᠎ᠠ ᠪᠠᠷ ᠰᠢᠰᠲ᠋ᠧᠮ ᠲᠠᠢ

ᠰᠤᠷᠤᠯᠴᠠᠬᠤ ᠂ ᠴᠠᠭ ᠲᠤᠬᠠᠢ ᠳᠤᠨᠢ ᠲᠠᠭᠠᠨ ᠰᠤᠷᠤᠯᠴᠠᠬᠤ ᠂ ᠲᠡᠷᠡ ᠬᠡᠪ ᠢᠶᠠᠷ ᠨᠢ ᠰᠤᠷᠤᠯᠴᠠᠬᠤ ᠶᠢ ᠪᠠᠷᠢᠮᠲᠠᠯᠠᠵᠤ ᠂

ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ ᠰᠤᠷᠤᠯᠴᠠᠬᠤ ᠶᠢ ᠪᠠᠷᠢᠮᠲᠠᠯᠠᠵᠤ ᠂ ᠪᠠᠶᠢᠴᠠᠭᠠᠨ

ᠰᠤᠳᠤᠯᠤᠯᠲᠠ ᠬᠢᠬᠦ ᠳᠤ ᠯᠠᠪᠳᠠᠭᠤᠨ ᠪᠠᠲᠤᠲᠠᠢ ᠭᠦᠨᠵᠡᠭᠡᠶᠢᠷᠡᠵᠦ ᠂ ᠪᠡᠶ᠎ᠡ ᠪᠠᠷ ᠢᠶᠠᠨ ᠴᠢᠷᠮᠠᠶᠢᠵᠤ ᠂ ᠨᠢᠭᠡᠳᠦᠭᠡᠷ

ᠹᠷᠣᠨᠲ ᠲᠤ ᠭᠦᠨᠵᠡᠭᠡᠶᠢᠷᠡᠵᠦ ᠂ ᠦᠨᠡᠨ ᠪᠣᠳᠠᠲᠠᠢ ᠪᠠᠶᠢᠳᠠᠯ ᠪᠣᠯᠣᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ

ᠡᠵᠡᠮᠰᠢᠵᠦ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠢᠨ᠎ᠡ ᠪᠠᠶᠢᠳᠠᠯ ᠢ ᠰᠤᠳᠤᠯᠵᠤ ᠂ ᠰᠢᠨ᠎ᠡ ᠠᠰᠠᠭᠤᠳᠠᠯ ᠢ

ᠰᠢᠢᠳᠪᠦᠷᠢᠯᠡᠵᠦ ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ ᠂ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ ᠃ ᠲᠥᠪ ᠴᠢᠩᠭ᠎ᠠ ᠣᠪᠣᠷ

ᠰᠤᠷᠲᠠᠯ ᠂ ᠦᠨᠡᠨ ᠦᠭᠡ ᠬᠡᠯᠡᠬᠦ ᠂ ᠪᠣᠳᠠᠲᠠᠢ ᠶᠢ ᠡᠷᠬᠢᠮᠯᠡᠬᠦ ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ

ᠪᠠᠷᠢᠮᠲᠠᠯᠠᠵᠤ ᠂ ᠤᠳᠤᠷᠢᠳᠤᠯᠭ᠎ᠠ ᠲᠦᠷᠦᠭᠦᠯᠡᠨ ᠵᠢᠱᠢᠶ᠎ᠡ ᠦᠵᠡᠭᠦᠯᠬᠦ ᠂ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ

ᠪᠠᠷᠢᠮᠲᠠᠯᠠᠵᠤ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ

ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃

ᠵᠣᠬᠢᠶᠠᠭᠴᠢ᠄ ᠴᠣᠣᠶᠠᠩ ᠪᠠᠯᠭᠠᠰᠤ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠡᠯ᠎ᠡ ᠰᠢᠶᠠᠩ ᠪᠠᠯᠭᠠᠰᠤ 

 
ᠢᠷᠡᠯᠲᠡ᠄ ᠡᠯ᠎ᠡ ᠰᠢᠶᠠᠩ ᠪᠠᠯᠭᠠᠰᠤ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2