ᠮᠠᠨ ᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠠᠷᠪᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠡ
ᠨᠡᠶᠢᠲᠡᠯᠡᠭᠰᠡᠨ ᠴᠠᠭ᠄
2023/9/22
    9 ᠰᠠᠷ᠎ᠠ ᠶᠢᠨ 22 ᠤᠨ ᠡᠳᠦᠷ ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ ᠬᠤᠷᠠᠯ ᠡᠷᠭᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠵᠧᠦ ᠴᠢ ᠂ ᠵᠦ ᠱᠢ ᠮᠢᠨ᠂ ᠵᠠᠩ ᠶᠠᠨ ᠰᠢᠶᠠ᠂ ᠯᠢᠦ ᠱᠦ ᠮᠧᠢ ᠬᠤᠷᠠᠯ ᠳᠤ ᠣᠷᠣᠯᠴᠠᠪᠠ ᠃    ᠬᠤᠷᠠᠯ ᠳᠤ ᠣᠷᠣᠯᠴᠠᠬᠤ ᠶᠣᠰᠣᠲᠠᠢ ᠬᠥᠮᠥᠨ 29᠂ ᠪᠣᠳᠠᠲᠠᠢ ᠣᠷᠣᠯᠴᠠᠭᠰᠠᠨ ᠬᠥᠮᠥᠨ 23 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃

01.jpg

    ᠬᠤᠷᠠᠯ ᠠᠴᠠ ︽ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠡᠳ᠋ ᠤᠨ

ᠵᠠᠰᠠᠭ ᠤᠨ ᠲᠥᠰᠥᠪ ᠤᠨ ᠭᠦᠢᠴᠡᠳᠬᠡᠯ ︵ᠲᠥᠰᠥᠯ︶ ᠤᠨ ᠲᠤᠬᠠᠢ ᠮᠡᠳᠡᠭᠦᠯᠦᠯᠲᠡ ︾ ᠂ ︽ ᠬᠤᠸᠠᠳᠧ ᠰᠢᠶᠠᠨ ᠤ

ᠠᠷᠠᠳ ᠤᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ

ᠪᠠᠶᠢᠳᠠᠯ ᠤᠨ ᠲᠤᠬᠠᠢ ᠮᠡᠳᠡᠭᠦᠯᠦᠯᠲᠡ︾ ᠂ ︽2023 ᠣᠨ ᠤ ᠰᠢᠶᠠᠨ ᠤ ᠱᠠᠲᠤᠨ ᠤ ᠠᠷᠠᠳ ᠤᠨ ᠠᠮᠢᠳᠤᠷᠠᠯ ᠤᠨ

ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠤᠬᠠᠢ

ᠮᠡᠳᠡᠭᠦᠯᠦᠯᠲᠡ︾  ᠶᠢ ᠰᠣᠨᠣᠰᠴᠤ ᠬᠢᠨᠠᠨ ᠵᠥᠪᠯᠡᠪᠡ᠃ ︽ᠤᠯᠠᠭᠠᠨᠴᠠᠪ ᠬᠤᠲᠠ ᠶᠢᠨ ᠠᠳᠠᠯ ᠠᠬᠤᠢ ᠶᠢᠨ

ᠬᠠᠮᠢᠶᠠᠷᠤᠯᠲᠠ ᠶᠢᠨ ᠳᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ ᠰᠤᠳᠤᠯᠤᠯᠲᠠ ᠶᠢᠨ

ᠮᠡᠳᠡᠭᠦᠯᠦᠯᠲᠡ ᠶᠢ ᠬᠢᠨᠠᠨ ᠵᠥᠪᠯᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ᠂ ᠪᠠᠶᠢᠭᠠᠯᠢ ᠶᠢᠨ ᠡᠬᠢ

ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ

ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠮᠡᠳᠡᠭᠦᠯᠦᠯᠲᠡ ᠶᠢ ᠰᠣᠨᠣᠰᠬᠤ ᠶᠢᠨ ᠬᠠᠮᠲᠤ

ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠶᠢ ᠥᠷᠨᠢᠭᠦᠯᠪᠡ᠃

    ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ

ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠨᠥᠬᠦᠳ ᠲᠤ ᠲᠤᠰᠢᠶᠠᠯ ᠳᠤ ᠲᠣᠮᠢᠯᠠᠬᠤ ᠪᠢᠴᠢᠭ

ᠣᠯᠭᠤᠵᠤ ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠨᠥᠬᠦᠳ ᠦᠨᠳᠦᠰᠦᠨ ᠬᠠᠤᠯᠢ ᠳᠤ ᠲᠠᠩᠭᠠᠷᠢᠭᠯᠠᠪᠠ ᠃

    ᠶᠢᠩ ᠲᠢᠩ ᠶᠦᠩ ᠱᠠᠭᠠᠷᠳᠠᠭᠰᠠᠨ ᠨᠢ᠂ ᠬᠤᠷᠠᠯ ᠤᠨ ᠳᠠᠷᠠᠭ᠎ᠠ ᠢᠯᠡᠳᠬᠡᠯ ᠬᠢᠭᠰᠡᠨ ᠰᠠᠯᠠᠭ᠎ᠠ ᠮᠥᠴᠢᠷ

ᠨᠢᠭᠡᠴᠡ ᠨᠦᠭᠦᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ

ᠵᠥᠪᠯᠡᠭᠰᠡᠨ ᠰᠠᠨᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠴᠡᠭᠴᠡᠯᠡᠨ

ᠰᠠᠶᠢᠵᠢᠷᠠᠭᠤᠯᠵᠤ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ

ᠬᠡᠷᠡᠭᠲᠡᠢ᠃ ᠰᠢᠨ᠎ᠡ ᠪᠠᠷ ᠰᠣᠩᠭᠤᠭᠳᠠᠭᠰᠠᠨ ᠨᠥᠬᠦᠳ ᠬᠤᠶᠢᠰᠢᠳᠠ ᠶᠢᠨ ᠠᠵᠢᠯ ᠤᠨ ᠳᠤᠮᠳᠠ ᠪᠠᠨ ᠡᠭᠦᠷᠭᠡ

ᠬᠠᠷᠢᠭᠤᠴᠠᠯᠭ᠎ᠠ ᠪᠠᠨ ᠭᠤᠲᠤᠭᠠᠬᠤ ᠦᠭᠡᠢ ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠂ ᠯᠠᠪᠳᠠᠭᠤᠨ ᠪᠠᠲᠤᠲᠠᠢ

ᠠᠵᠢᠯᠯᠠᠵᠤ ᠂ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ ᠂ ᠵᠣᠬᠢᠶᠠᠨ ᠪᠠᠶᠢᠭᠤᠯᠤᠯᠲᠠ ᠪᠣᠯᠣᠨ ᠠᠷᠠᠳ

ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ

    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ ᠵᠢᠴᠢ ᠰᠠᠬᠢᠯᠭ᠎ᠠ ᠪᠠᠲᠤ ᠪᠠᠶᠢᠴᠠᠭᠠᠬᠤ

ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠡᠳ᠋ ᠤᠨ ᠵᠠᠰᠠᠭ ᠤᠨ

ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ

ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠬᠤᠷᠠᠯ ᠳᠤ ᠰᠤᠯᠠ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

 

 

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2