| ᠨᠠᠮᠤᠷ ᠤᠨ ᠰᠠᠯᠬᠢ ᠰᠡᠩᠭᠢᠨᠡᠨ ᠤᠯᠠᠭᠠᠨ ᠭᠠᠪᠢᠷ᠎ᠠ ᠶᠢᠨ ᠦᠨᠦᠷ ᠬᠠᠩᠬᠤᠯᠵᠤ ᠂ ᠤᠯᠤᠰ ᠤᠨ ᠪᠠᠶᠠᠷ ᠤᠨ ᠡᠳᠦᠷ | ᠬᠦᠷᠴᠦ ᠢᠷᠡᠬᠦ ᠲᠠᠰᠢᠷᠠᠮ ᠢᠶᠠᠷ ᠂ 9 ᠰᠠᠷ᠎ᠠ ᠶᠢᠨ 25 ᠤ ᠡᠳᠦᠷ᠂ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ | 2023 ᠣᠨ ᠤ ︽ᠤᠯᠤᠰ ᠤᠨ ᠪᠠᠶᠠᠷ ᠵᠢᠴᠢ ᠴᠡᠴᠡᠷᠯᠢᠭ ᠪᠠᠶᠢᠭᠤᠯᠤᠭᠳᠠᠭᠰᠠᠨ ᠠᠷᠪᠠᠨ ᠵᠢᠯ ᠤᠨ ᠣᠶ ᠶᠢ | ᠤᠭᠲᠤᠬᠤ︾ ᠡᠴᠢᠭᠡ ᠡᠬᠡ ᠦᠷ᠎ᠡ ᠬᠡᠦᠬᠡᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠭᠡᠯᠡᠬᠦ ᠠᠵᠢᠯᠯᠠᠭ᠎ᠠ | ᠡᠷᠭᠢᠯᠡᠪᠡ᠃ | | | | | | ᠡᠬᠢᠯᠡᠯᠲᠡ ᠶᠢᠨ ᠶᠣᠰᠣᠯᠠᠯ ᠳᠡᠭᠡᠷ᠎ᠡ ᠂ ᠪᠢᠴᠢᠬᠠᠨ ᠲᠠᠮᠢᠷᠴᠢᠳ︽ᠲᠠᠮᠢᠷᠴᠢᠳ ᠤᠨ ᠤᠷᠤᠭᠰᠢᠯᠠᠯᠲᠠ ᠶᠢᠨ ᠬᠥᠭᠵᠢᠮ︾ | ᠢ ᠳᠠᠭᠠᠵᠤ᠂ ᠰᠦᠷ ᠵᠢᠪᠬᠤᠭ᠎ᠠ ᠲᠠᠢ ᠪᠠᠷ ᠲᠠᠮᠢᠷ ᠤᠨ ᠲᠠᠯᠠᠪᠠᠢ ᠳᠤ ᠣᠷᠣᠬᠤ ᠳᠤ ᠂ ᠬᠡᠦᠬᠡᠳ ᠤᠨ ᠢᠨᠢᠶᠡᠮᠰᠦᠭᠯᠡᠯ ᠨᠢ | ᠪᠦᠬᠦ ᠤᠷᠤᠯᠳᠤᠭᠠᠨ ᠤ ᠲᠠᠯᠠᠪᠠᠢ ᠶᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠪᠠ ᠃ ᠤᠯᠤᠰ ᠤᠨ ᠲᠤᠭ | ᠮᠠᠨᠳᠤᠭᠤᠯᠬᠤ ᠶᠣᠰᠣᠯᠠᠯ ᠳᠡᠭᠡᠷ᠎ᠡ ᠂ ᠪᠢᠴᠢᠬᠠᠨ ᠲᠤᠭᠴᠢᠳ ᠤᠯᠤᠰ ᠤᠨ ᠲᠤᠭ ᠢᠶᠠᠨ ᠡᠷᠭᠦᠨ ᠴᠡᠭᠡᠵᠢ ᠲᠡᠨᠢᠢᠨ | ᠤᠯᠤᠰ ᠤᠨ ᠲᠤᠭ ᠮᠠᠨᠳᠤᠭᠤᠯᠬᠤ ᠲᠠᠶᠢᠰᠠᠨ ᠳᠤ ᠭᠠᠷᠴᠤ ᠂ ︽ᠤᠯᠤᠰ ᠤᠨ ᠳᠠᠭᠤᠤ︾ ᠶᠢᠨ ᠠᠶᠠᠰ ᠳᠤᠮᠳᠠ ᠬᠤᠷᠴᠠ | ᠰᠣᠷᠭᠤᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ ᠂ ᠪᠠᠭᠰᠢ ᠨᠠᠷ ᠪᠣᠯᠣᠨ ᠬᠡᠦᠬᠡᠳ ᠤᠳ | ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠠᠢ ᠪᠠᠷ ᠬᠠᠷᠠᠴᠠ ᠪᠠᠷ ᠢᠶᠠᠨ ᠶᠣᠰᠣᠯᠠᠵᠤ ᠂ ᠤᠯᠤᠰ ᠤᠨ ᠰᠦᠯᠳᠡ | ᠳᠠᠭᠤᠤ ᠶᠢ ᠵᠡᠷᠭᠡᠪᠡᠷ ᠳᠠᠭᠤᠯᠠᠵᠤ ᠂ ᠬᠤᠶᠠᠳᠤᠭᠠᠷ ᠬᠡᠦᠬᠡᠳ ᠤᠨ ᠴᠡᠴᠡᠷᠯᠢᠭ ᠤᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ | | | | | | ᠤᠯᠤᠰ ᠤᠨ ᠲᠤᠭ ᠮᠠᠨᠳᠤᠭᠤᠯᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠢᠨᠠᠭᠴᠢ ᠪᠣᠯᠣᠨ ᠲᠠᠮᠢᠷᠴᠢᠳ ᠤᠨ | ᠲᠥᠯᠥᠭᠡᠯᠡᠭᠴᠢ ᠲᠠᠩᠭᠠᠷᠢᠭᠯᠠᠪᠠ᠃ ᠰᠢᠶᠠᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ | ᠵᠧᠦ ᠷᠦᠩ ᠰᠢᠨ ᠪᠣᠯᠣᠨ ᠬᠤᠶᠠᠳᠤᠭᠠᠷ ᠬᠡᠦᠬᠡᠳ ᠤᠨ ᠴᠡᠴᠡᠷᠯᠢᠭ ᠤᠨ ᠳᠠᠷᠤᠭ᠎ᠠ ᠵᠠᠩ ᠯᠢ ᠵᠢᠤᠸᠠᠨ ᠲᠤᠰ | ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠳᠤ ᠪᠠᠶᠠᠷ ᠤᠨ ᠦᠭᠡ ᠬᠡᠯᠡᠬᠦ ᠶᠢᠨ ᠬᠠᠮᠲᠤ ᠢᠯᠡᠷᠬᠡᠶᠢᠯᠡᠭᠰᠡᠨ ᠨᠢ᠂ | ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ 2013 ᠣᠨ ᠠᠴᠠ ᠡᠬᠢᠯᠡᠨ ᠰᠤᠷᠤᠭᠴᠢ ᠡᠯᠰᠡᠬᠦ ᠠᠴᠠ ᠣᠳᠣ | ᠪᠣᠯᠲᠠᠯ᠎ᠠ᠂ ᠬᠡᠦᠬᠡᠳ ᠤᠨ ᠲᠤᠭ᠎ᠠ ᠲᠠᠰᠤᠷᠠᠯᠲᠠ ᠦᠭᠡᠢ ᠨᠡᠮᠡᠭᠳᠡᠵᠦ᠂ ᠪᠠᠭᠰᠢ ᠶᠢᠨ ᠬᠦᠴᠦᠨ ᠲᠠᠰᠤᠷᠠᠯᠲᠠ ᠦᠭᠡᠢ | ᠴᠢᠩᠭᠠᠷᠠᠵᠤ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ 2015 ᠣᠨ ᠳᠤ | ᠬᠤᠳᠠ ᠶᠢᠨ ᠲᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠦᠨᠡᠯᠡᠭᠳᠡᠵᠦ ᠂ 2018 ᠣᠨ ᠳᠤ ᠲᠣᠭᠤᠷᠢᠭ ᠤᠨ | ᠲᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠦᠨᠡᠯᠡᠭᠳᠡᠵᠦ ᠂ 2021 ᠣᠨ ᠳᠤ ᠪᠦᠬᠦ ᠤᠯᠤᠰ ᠤᠨ ᠬᠥᠯ | ᠪᠥᠮᠪᠦᠭᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠦᠨᠡᠯᠡᠭᠳᠡᠵᠦ ᠂ ᠡᠨᠡ ᠵᠢᠯ ᠪᠠᠰᠠ ᠬᠤᠸᠠᠳᠧ ᠰᠢᠶᠠᠨ ᠤ | ᠠᠩᠬᠠᠳᠠᠭᠴᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠷᠡᠳᠦ ᠪᠠᠭᠰᠢ ᠶᠢᠨ ᠠᠵᠢᠯᠯᠠᠬᠤ | ᠦᠷᠦᠬᠡ ᠶᠢ ᠪᠠᠶᠢᠭᠤᠯᠵᠤ ᠂ ᠡᠳᠦᠷ ᠳᠤᠳᠤᠮ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠡᠯᠪᠡᠭ ᠪᠠᠶᠠᠯᠢᠭ ᠪᠠᠶᠢᠵᠤ ᠂ | ᠬᠡᠦᠬᠡᠳ ᠤᠨ ᠳᠤᠷ᠎ᠠ ᠰᠣᠨᠢᠷᠬᠠᠯ ᠢ ᠬᠥᠮᠥᠵᠢᠭᠦᠯᠬᠦ ᠪᠠᠷ ᠭᠤᠣᠯ ᠪᠣᠯᠭᠠᠵᠤ ᠂ ᠲᠣᠭᠯᠠᠭᠠᠮ ᠤᠨ ᠳᠤᠮᠳᠠ ᠪᠦᠬᠦ | ᠲᠠᠯ᠎ᠠ ᠶᠢᠨ ᠬᠥᠭᠵᠢᠯᠲᠡ ᠲᠠᠢ ᠪᠣᠯᠵᠤ ᠂ ᠲᠣᠭᠯᠠᠬᠤ ᠶᠢᠨ ᠳᠤᠮᠳᠠ ᠰᠤᠷᠤᠯᠴᠠᠬᠤ᠂ ᠰᠤᠷᠤᠯᠴᠠᠯᠭ᠎ᠠ ᠶᠢᠨ ᠳᠤᠮᠳᠠ | ᠪᠠᠶᠠᠰᠬᠤ᠂ ᠪᠠᠶᠡᠷ ᠪᠠᠰᠤᠯ ᠤᠨ ᠳᠤᠮᠳᠠ ᠦᠰᠦᠨ ᠪᠣᠶᠢᠵᠢᠬᠤ ᠰᠤᠷᠭᠠᠭᠤᠯᠢ ᠡᠷᠬᠢᠯᠡᠬᠦ ᠣᠨᠴᠠᠯᠢᠭ ᠢ ᠠᠯᠬᠤᠮ | ᠠᠯᠬᠤᠮ ᠢᠶᠠᠷ ᠪᠦᠷᠢᠯᠳᠦᠭᠦᠯᠵᠡᠢ ᠃ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠨᠢ ᠦᠷᠭᠦᠯᠵᠢᠯᠡᠨ | ᠬᠡᠦᠬᠡᠳ ᠤᠨ ᠴᠡᠴᠡᠷᠯᠢᠭ ᠪᠠᠶᠢᠭᠤᠯᠤᠭᠳᠠᠭᠰᠠᠨ ᠠᠷᠪᠠᠨ ᠵᠢᠯ ᠤᠨ ᠣᠶ ᠪᠠᠷ ᠠᠵᠠ ᠲᠣᠬᠢᠶᠠᠯ ᠪᠣᠯᠭᠠᠵᠤ᠂ ᠳᠠᠬᠢᠨᠲᠠ | ᠰᠢᠯᠢᠳᠡᠭ ᠪᠦᠲᠦᠮᠵᠢ ᠭᠠᠷᠭᠠᠵᠤ᠂ ᠬᠤᠸᠠᠳᠧ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ ᠭᠡᠵᠡᠢ᠃ | | | | | | ᠳᠠᠷᠠᠭ᠎ᠠ ᠪᠠᠷ ᠨᠢ ᠪᠠᠭᠰᠢ ᠨᠠᠷ ᠪᠦᠬᠦ ᠬᠡᠦᠬᠡᠳ ᠲᠠᠢ ᠪᠠᠨ ᠬᠠᠮᠲᠤ ᠪᠠᠷ ᠬᠡᠷᠡᠭᠰᠡᠯ ᠤᠨ ᠬᠢᠮᠨᠠᠰᠲ᠋ᠢᠺ ︽ᠠᠵᠠ | ᠪᠤᠶᠠᠨ ᠲᠠᠢ ᠪᠣᠯᠣᠯ᠎ᠠ︾ ᠂ ︽ ᠤᠷᠮᠠᠰᠢᠭᠤᠯᠤᠯ ᠤᠨ ᠨᠤᠭᠤᠰᠤ︾ ᠶᠢ ᠲᠣᠭᠯᠠᠵᠤ᠂ ᠪᠠᠭᠰᠢᠨᠠᠷ ᠨᠢ ︽ᠮᠠᠨ ᠤ ᠠᠷᠪᠠᠨ ᠵᠢᠯ︾ | ᠢ ᠤᠶᠠᠩᠭᠠᠯᠠᠭᠰᠠᠨ ᠵᠡᠷᠭᠡ ᠠᠭᠤᠯᠭ᠎ᠠ ᠶᠠᠪᠤᠭᠳᠠᠪᠠ᠃ | | | | ᠴᠠᠭ ᠮᠥᠴᠡ ᠬᠢᠵᠠᠭᠠᠯᠠᠰᠢ ᠦᠭᠡᠢ ᠰᠠᠶᠢᠬᠠᠨ᠂ ᠲᠠᠮᠢᠷ ᠤᠨ ᠬᠥᠳᠡᠯᠭᠡᠭᠡᠨ ᠶᠠᠭ ᠴᠠᠭ ᠲᠠᠭᠠᠨᠲ᠋ᠣᠬᠢᠷᠠᠵᠠᠢ ︕ | ᠪᠠᠶᠠᠷ ᠬᠥᠷ ᠲᠠᠢ ᠬᠥᠳᠡᠯᠭᠡᠭᠡᠨ᠂ ᠡᠷᠡᠭᠦᠯ ᠴᠢᠭᠢᠷᠠᠭ ᠪᠡᠶ᠎ᠡ ᠮᠠᠬᠠᠪᠤᠳ ᠪᠣᠯ ᠪᠠᠭ᠎ᠠ ᠨᠠᠰᠤᠨ ᠤ ᠲᠤᠬᠠᠢ ᠬᠠᠮᠤᠭ ᠤᠨ | ᠰᠠᠶᠢᠬᠠᠨ ᠲᠠᠶᠢᠯᠪᠤᠷᠢᠯᠠᠯᠲᠠ ᠮᠥᠨ᠃ ᠲᠣᠰ ᠤᠳᠠᠭᠠᠨ ᠤ ᠡᠴᠢᠭᠡ ᠡᠬᠡ ᠦᠷ᠎ᠡ ᠬᠡᠦᠬᠡᠳ ᠤᠨ ᠲᠠᠮᠢᠷ ᠤᠨ | ᠴᠤᠭᠯᠠᠭᠠᠨ ᠢ ᠡᠷᠭᠢᠯᠡᠬᠦ ᠪᠠᠷ ᠳᠠᠮᠵᠢᠭᠤᠯᠤᠨ᠂ ᠬᠡᠦᠬᠡᠳ ᠤᠨ ᠬᠥᠳᠡᠯᠭᠡᠭᠡᠨ ᠤ ᠥᠩᠭᠡᠷᠡᠭᠡᠯᠲᠡ ᠶᠢ ᠤᠯᠠᠮ ᠨᠢᠭᠡ | ᠠᠯᠬᠤᠮ ᠪᠠᠶᠠᠯᠢᠭᠵᠢᠭᠤᠯᠵᠤ᠂ ᠬᠡᠦᠬᠡᠳ ᠤᠨ ᠪᠦᠯᠬᠦᠮ ᠨᠡᠶᠢᠲᠡ ᠶᠢᠨ ᠤᠬᠠᠮᠰᠠᠷ᠂ ᠥᠷᠢᠰᠦᠯᠳᠦᠭᠡᠨ ᠤ ᠤᠬᠠᠮᠰᠠᠷ ᠢ | ᠬᠥᠮᠥᠵᠢᠭᠦᠯᠦᠨ᠂ ᠡᠷᠡᠰ ᠴᠢᠩᠭ᠎ᠠ ᠵᠣᠷᠢᠭ ᠰᠠᠨᠠᠭ᠎ᠠ ᠵᠠᠩ ᠴᠢᠨᠠᠷ ᠢ ᠳᠠᠪᠲᠠᠨ ᠪᠣᠯᠪᠠᠰᠤᠷᠠᠭᠤᠯᠵᠤ᠂ ᠬᠡᠦᠬᠡᠳ ᠤᠨ ᠪᠡᠶ᠎ᠡ | ᠮᠠᠬᠠᠪᠤᠳ ᠤᠨ ᠰᠠᠶᠢᠨ ᠰᠠᠶᠢᠬᠠᠨ ᠬᠡᠪ ᠴᠢᠨᠠᠷ ᠢ ᠬᠥᠮᠥᠵᠢᠭᠦᠯᠦᠨ᠂ ᠡᠴᠢᠭᠡ ᠡᠬᠡ ᠦᠷ᠎ᠡ ᠬᠡᠦᠬᠡᠳ ᠤᠨ ᠲᠠᠮᠢᠷ ᠤᠨ | ᠬᠥᠳᠡᠯᠭᠡᠭᠡᠨ ᠤ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠬᠤ ᠶᠢᠨ ᠬᠠᠮᠲᠤ ᠭᠡᠷ ᠣᠷᠣᠨ ᠤ ᠬᠤᠭᠤᠷᠣᠨᠳᠣᠬᠢ | ᠰᠣᠯᠢᠯᠴᠠᠭ᠎ᠠ ᠶᠢ ᠨᠠᠩ ᠰᠠᠶᠢᠨ ᠠᠬᠢᠭᠤᠯᠵᠤ᠂ ᠬᠡᠦᠬᠡᠳ ᠢ ᠲᠣᠭᠯᠠᠭᠠᠮ ᠤᠨ ᠳᠤᠮᠳᠠ ᠳᠠᠪᠲᠠᠨ ᠪᠣᠯᠪᠠᠰᠤᠷᠠᠭᠤᠯᠵᠤ᠂ | ᠳᠠᠪᠲᠠᠨ ᠪᠣᠯᠪᠠᠰᠤᠷᠠᠭᠤᠯᠬᠤ ᠶᠢᠨ ᠳᠤᠮᠳᠠ ᠥᠰᠬᠡᠨ ᠪᠣᠶᠢᠵᠢᠭᠤᠯᠵᠠᠢ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | |