ᠮᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠬᠤᠷᠠᠯᠳᠤᠭᠤᠯᠪᠡ
ᠨᠡᠶᠢᠲᠡᠯᠡᠭᠰᠡᠨ ᠴᠠᠭ᠄
2023/9/26
    ᠣᠶᠢᠷ᠎ᠠ ᠳᠤ᠂ ᠮᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠬᠤᠷᠠᠯᠳᠤᠭᠤᠯᠪᠡ᠃ ᠪᠠᠶᠢᠩᠭᠤ  ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠩ ᠲᠢᠩ ᠶᠦᠩ ᠬᠤᠷᠠᠯ ᠡᠷᠬᠢᠯᠡᠪᠡ᠃

a1.png

    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠥᠪᠡᠷᠲᠡᠭᠡᠨ ᠵᠠᠰᠠᠬᠤ ᠣᠷᠣᠨ ᠤ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ

ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ

ᠤᠯᠠᠮᠵᠢᠯᠠᠵᠤ᠂ ᠰᠢ ᠶᠢᠨ ᠫᠢᠩ ᠶᠡᠷᠦᠩᠬᠡᠢ ᠱᠦᠵᠢ ᠪᠣᠯᠣᠨ ᠼᠠᠢ ᠴᠢ ᠨᠥᠬᠦᠷ ᠤᠨ ᠭᠤᠣᠯ ᠰᠡᠳᠦᠪᠲᠦ ᠬᠥᠮᠦᠵᠢᠯ ᠤᠨ

ᠠᠵᠢᠯ ᠤᠨ ᠬᠤᠷᠠᠯ ᠳᠡᠭᠡᠷᠡᠬᠢ ᠶᠠᠷᠢᠶ᠎ᠠ ᠶᠢ ᠲᠥᠪᠯᠡᠷᠡᠭᠦᠯᠦᠨ ᠰᠤᠷᠤᠯᠴᠠᠵᠤ᠂ ᠡᠭᠦᠨ ᠤ ᠬᠠᠮᠲᠤ ︽ ᠬᠤᠸᠠᠳᠧ

ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ

ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ

ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾  ᠢ ᠬᠢᠨᠠᠨ ᠵᠥᠪᠯᠡᠵᠦ ᠂ ᠭᠤᠣᠯ ᠰᠡᠳᠦᠪᠲᠦ

ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠲᠤ ᠪᠠᠶᠢᠷᠢᠯᠠᠭᠤᠯᠤᠯᠲᠠ ᠬᠢᠵᠡᠢ ᠃

    ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠢ

ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ︽ᠦᠵᠡᠯ ᠰᠠᠨᠠᠭ᠎ᠠ ᠶᠢ ᠰᠤᠷᠤᠯᠴᠠᠬᠤ ᠂

ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ

ᠱᠠᠭᠠᠷᠳᠠᠯᠭ᠎ᠠ ᠶᠢᠨ ᠲᠣᠭᠤᠷᠢᠨ ᠳᠤ ᠂ ᠰᠢᠨ᠎ᠡ ᠶᠢ ᠡᠭᠦᠳᠬᠦ ᠤᠨᠤᠯ ᠢ ᠰᠠᠶᠢᠲᠤᠷ ᠰᠤᠷᠤᠯᠴᠠᠵᠦ ᠂ ᠠᠵᠢᠯ ᠤᠨ

ᠦᠢᠯᠡᠳᠦᠯᠭᠡ ᠶᠢ ᠰᠠᠶᠢᠲᠤᠷ ᠠᠳᠬᠤᠵᠤ ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠶᠠᠪᠤᠵᠤ ᠂ ᠪᠣᠳᠠᠲᠠᠢ ᠶᠢ

ᠡᠷᠬᠢᠮᠯᠡᠬᠦ ᠰᠤᠷᠲᠠᠯ ᠢ ᠰᠠᠶᠢᠲᠤᠷ ᠪᠤᠢ ᠪᠣᠯᠭᠠᠵᠤ ᠂ ᠭᠤᠣᠯ ᠰᠡᠳᠦᠪᠲᠦ ᠬᠥᠮᠦᠵᠢᠯ ᠢ ᠬᠡᠢ ᠬᠤᠭᠤᠰᠤᠨ ᠪᠣᠯᠭᠠᠬᠤ

ᠦᠭᠡᠢ ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃

    ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠣᠨᠣᠯ ᠢᠶᠠᠷ

ᠵᠡᠪᠰᠡᠭᠯᠡᠬᠦ ᠶᠢ ᠴᠢᠩᠭᠠᠳᠬᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤᠳᠬᠠᠬᠤ ᠴᠢᠬᠤᠯᠠ ᠠᠷᠭ᠎ᠠ

ᠬᠡᠮᠵᠢᠶ᠎ᠡ ᠮᠥᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ

ᠠᠬᠢᠭᠤᠯᠬᠤ᠂ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ  ᠶᠢ ᠭᠦᠨᠵᠡᠭᠡᠶᠢᠷᠡᠭᠦᠯᠬᠦ ᠶᠢᠨ ᠴᠢᠬᠤᠯᠠ ᠬᠠᠷᠢᠭᠤᠴᠠᠯᠭ᠎ᠠ

ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ᠤᠨ ᠳᠡᠭᠡᠳᠦ ᠳᠣᠣᠷᠠᠳᠤ ᠱᠠᠲᠤ ᠪᠠᠷ ᠢᠶᠠᠨ

ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ

ᠭᠤᠣᠯ ᠰᠡᠳᠦᠪᠲᠦ ᠬᠥᠮᠦᠵᠢᠯ ᠭᠡᠬᠦ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠰᠠᠶᠢᠲᠤᠷ

ᠲᠥᠯᠥᠪᠵᠢᠭᠦᠯᠵᠦ ᠂ ᠰᠠᠶᠢᠲᠤᠷ ᠵᠣᠬᠢᠶᠠᠨ ᠪᠠᠶᠢᠭᠤᠯᠵᠤ ᠂ ᠰᠠᠶᠢᠲᠤᠷ ᠨᠠᠶᠢᠳᠠᠪᠤᠷᠢᠵᠢᠭᠤᠯᠵᠤ ᠂ ᠭᠤᠣᠯ ᠰᠡᠳᠦᠪᠲᠦ

ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ

ᠵᠦᠢᠯ ᠤᠨ ᠠᠵᠢᠯ ᠤᠨ ᠲᠠᠬᠢᠨ ᠰᠢᠨ᠎ᠡ ᠪᠠᠶᠢᠳᠠᠯ ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃

    ᠳᠠᠷᠠᠭ᠎ᠠ ᠨᠢ ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠠᠮ ᠤᠨ

ᠡᠭᠦᠷ ᠤᠨ ᠭᠡᠰᠢᠭᠦᠳ ᠤᠨ ᠬᠤᠷᠠᠯ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ

ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠲᠡᠷᠡ ᠳᠠᠷᠤᠢ ᠬᠤᠷᠠᠯᠳᠤᠭᠤᠯᠪᠡ᠃

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2