ᠮᠠᠨ ᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠠᠢ ᠬᠤᠯᠪᠤᠭᠠᠯᠠᠨ ᠠᠷᠠᠳ ᠤᠨ ᠡᠶᠡᠳᠡᠭᠦᠯᠦᠭᠴᠢ ᠶᠢ ᠪᠣᠯᠪᠠᠰᠤᠷᠠᠭᠤᠯᠵᠤ ᠰᠣᠯᠢᠯᠴᠠᠬᠤ ᠬᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2023/9/26
    ᠰᠢᠨ᠎ᠡ ᠴᠠᠭ ᠦᠶ᠎ᠡ ᠶᠢᠨ ︽ ᠹᠧᠩ ᠴᠢᠶᠣᠣ ᠶᠢᠨ ᠲᠤᠷᠰᠢᠯᠭ᠎ᠠ︾ ᠶᠢ ᠭᠦᠨᠵᠡᠭᠡᠢ ᠲᠦᠯᠬᠢᠨ ᠠᠬᠢᠭᠤᠯᠵᠤ᠂ ᠠᠷᠠᠳ ᠤᠨ ᠡᠶᠡᠳᠡᠭᠦᠯᠦᠭᠴᠢ ᠶᠢᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠤᠨ ᠡᠶᠡᠳᠡᠭᠦᠯᠦᠭᠴᠢ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠳᠤᠮᠳᠠᠬᠢ ᠢᠳᠡᠪᠬᠢᠲᠡᠢ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ ᠂ 9 ᠰᠠᠷ᠎ᠠ ᠶᠢᠨ 22 ᠤᠨ ᠡᠳᠦᠷ ᠂ ᠮᠠᠨ ᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠠᠢ ᠬᠠᠮᠲᠤᠷᠠᠨ ᠠᠷᠠᠳ ᠤᠨ ᠡᠶᠡᠳᠡᠭᠦᠯᠦᠭᠴᠢ ᠶᠢ ᠪᠣᠯᠪᠠᠰᠤᠷᠠᠭᠤᠯᠵᠤ ᠰᠣᠯᠢᠯᠴᠠᠬᠤ ᠬᠤᠷᠠᠯ ᠥᠷᠨᠢᠭᠦᠯᠪᠡ ᠃

20.jpg

    ᠪᠣᠯᠪᠠᠰᠤᠷᠠᠯ ᠤᠨ ᠬᠤᠷᠠᠯ ᠳᠡᠭᠡᠷ᠎ᠡ᠂ ᠰᠢᠭᠦᠬᠦ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠥᠪᠡᠷ ᠤᠨ

ᠰᠢᠭᠦᠨ ᠲᠠᠰᠤᠯᠬᠤ ᠠᠵᠢᠯ ᠤᠨ ᠦᠢᠯᠡᠳᠦᠯᠭᠡ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠠᠷᠠᠳ ᠤᠨ

ᠡᠶᠡᠳᠡᠭᠦᠯᠭᠡ ᠶᠢᠨ ᠠᠵᠢᠯ ᠤᠨ ᠶᠠᠪᠤᠴᠠ ᠶᠢᠨ ᠲᠣᠭᠤᠷᠢᠨ ᠳᠤ ᠲᠠᠶᠢᠯᠪᠤᠷᠢᠯᠠᠯᠲᠠ ᠬᠢᠬᠦ ᠶᠢᠨ ᠬᠠᠮᠲᠤ ᠠᠷᠠᠳ ᠤᠨ

ᠡᠶᠡᠳᠡᠭᠦᠯᠭᠡ ᠶᠢᠨ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠬᠤ ᠪᠠ ᠴᠢᠩᠭᠠᠳᠬᠠᠬᠤ ᠂

ᠣᠳᠣᠬᠠᠨ ᠤ ᠠᠷᠠᠳ ᠤᠨ ᠡᠶᠡᠳᠡᠭᠦᠯᠭᠡ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ ᠰᠢᠨ᠎ᠡ

ᠠᠰᠠᠭᠤᠳᠠᠯ ᠢ ᠰᠢᠢᠳᠪᠦᠷᠢᠯᠡᠬᠦ ᠂ ᠠᠷᠠᠳ ᠤᠨ ᠡᠶᠡᠳᠡᠭᠦᠯᠭᠡ ᠶᠢᠨ ᠠᠵᠢᠯ ᠢ ᠰᠠᠶᠢᠲᠤᠷ ᠬᠢᠬᠦ ᠶᠢᠨ ᠰᠠᠨᠠᠭᠠᠴᠢᠯᠠᠭᠠᠲᠤ

ᠴᠢᠨᠠᠷ ᠪᠠ ᠤᠬᠠᠮᠰᠠᠷᠲᠤ ᠴᠢᠨᠠᠷ ᠵᠡᠷᠭᠡ ᠪᠣᠳᠠᠲᠠᠢ ᠠᠰᠠᠭᠤᠳᠠᠯ ᠤᠨ ᠲᠤᠬᠠᠢ ᠰᠠᠨᠠᠭᠤᠯᠭ᠎ᠠ ᠳᠤᠷᠠᠳᠤᠪᠠ᠃

21.jpg

    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠠᠷᠠᠳ ᠤᠨ ᠡᠶᠡᠳᠡᠭᠦᠯᠦᠭᠴᠢ ᠶᠢᠨ ᠬᠠᠤᠯᠢ

ᠴᠠᠭᠠᠵᠠ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠲᠠᠷᠠᠭᠠᠴᠢ ᠶᠢᠨ

ᠠᠷᠠᠳ ᠤᠨ ᠡᠶᠡᠳᠡᠭᠦᠯᠦᠭᠴᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ᠂

ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ᠂ ᠠᠷᠠᠳ

ᠣᠯᠠᠨ ᠳᠤ ᠨᠠᠩ ᠰᠠᠶᠢᠨ ᠦᠢᠯᠡᠴᠢᠯᠡᠬᠦ ᠳᠤ ᠯᠠᠪᠳᠠᠭᠤᠨ ᠪᠠᠲᠤᠲᠠᠢ ᠣᠨᠣᠯ ᠤᠨ ᠰᠠᠭᠤᠷᠢ ᠶᠢ ᠲᠠᠯᠪᠢᠵᠤ᠂ ᠠᠷᠠᠳ ᠤᠨ

ᠡᠶᠡᠳᠡᠭᠦᠯᠭᠡ ᠶᠢᠨ ᠨᠡᠶᠢᠭᠡᠮ ᠤᠨ ᠲᠣᠭᠲᠠᠭᠤᠨ ᠪᠠ ᠡᠶ᠎ᠡ ᠵᠣᠬᠢᠴᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ

ᠱᠤᠭᠤᠮ︾ ᠢ ᠪᠠᠲᠤ ᠪᠠᠬᠢ ᠪᠠᠶᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃

    ᠪᠣᠯᠪᠠᠰᠤᠷᠠᠯ ᠤᠨ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠵᠠᠭᠠᠯᠳᠤᠬᠤ ᠠᠴᠠ ᠡᠮᠦᠨᠡᠬᠢ

ᠡᠶᠡᠳᠡᠭᠦᠯᠭᠡ ᠶᠢᠨ ᠲᠥᠪ ᠢ ᠲᠣᠭᠤᠷᠢᠨ ᠦᠵᠡᠭᠰᠡᠨ ᠪᠥᠭᠡᠳ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢᠨ

ᠶᠠᠪᠤᠴᠠ ᠶᠢ ᠲᠣᠭᠤᠷᠢᠨ ᠦᠵᠡᠪᠡ ᠃ ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠨᠢ ᠬᠠᠷᠢᠯᠴᠠᠨ

ᠰᠣᠯᠢᠯᠴᠠᠬᠤ᠂ ᠬᠤᠪᠢᠶᠠᠨ ᠡᠳ᠋ᠯᠡᠵᠦ ᠳᠡᠭᠡᠭᠰᠢᠯᠡᠭᠦᠯᠬᠦ ᠲᠠᠪᠴᠠᠩ ᠢ ᠬᠠᠩᠭᠠᠵᠤ᠂ ᠰᠠᠶᠢᠨ ᠰᠠᠶᠢᠬᠠᠨ ᠠᠵᠢᠯ ᠤᠨ ᠠᠭᠤᠷ

ᠠᠮᠢᠰᠬᠤᠯ ᠢ ᠪᠣᠶ ᠪᠣᠯᠭᠠᠵᠤ᠂ ᠦᠨᠳᠦᠰᠦᠨ ᠱᠠᠲᠤᠨ ᠤ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ ᠤᠨ

ᠬᠥᠭᠵᠢᠯᠲᠡ ᠳᠤ ᠪᠦᠲᠦᠮᠵᠢᠲᠡᠶ ᠳᠡᠮᠵᠢᠯᠭᠡ ᠬᠠᠩᠭᠠᠭᠰᠠᠨ ᠪᠠᠶᠢᠨ᠎ᠠ᠃ ᠠᠷᠠᠳ ᠤᠨ ᠡᠶᠡᠳᠡᠭᠦᠯᠭᠡ ᠶᠢᠨ ᠲᠣᠭᠲᠠᠴᠠ ᠶᠢ

ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠬᠠᠤᠯᠢ ᠪᠠᠷᠢᠬᠤ ᠠᠵᠢᠯ ᠢ ᠵᠢᠷᠤᠮᠵᠢᠭᠤᠯᠬᠤ ᠂ ᠬᠠᠤᠯᠢ ᠪᠠᠷ ᠵᠠᠰᠠᠬᠤ

ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ ᠃ ᠲᠤᠰ ᠤᠳᠠᠭ᠎ᠠ ᠶᠢᠨ ᠲᠣᠭᠤᠷᠢᠨ ᠦᠵᠡᠵᠦ

ᠰᠣᠯᠢᠯᠴᠠᠬᠤ ᠪᠠᠷ ᠠᠵᠠ ᠲᠣᠬᠢᠶᠠᠯ ᠪᠣᠯᠭᠠᠵᠤ ᠂ ᠰᠡᠳᠬᠢᠴᠡ ᠪᠠᠨ ᠥᠷᠭᠡᠳᠬᠡᠵᠦ ᠂ ᠡᠯ᠎ᠡ ᠵᠦᠢᠯ ᠤᠨ ᠠᠵᠢᠯ ᠢ

ᠰᠡᠳᠬᠢᠯ ᠲᠠᠯᠪᠢᠨ ᠰᠠᠶᠢᠲᠤᠷ ᠲᠥᠯᠥᠪᠵᠢᠭᠦᠯᠵᠦ ᠂ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ

ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠣᠷᠣᠯᠴᠠᠭᠰᠠᠳ ᠢᠯᠡᠳᠬᠡᠵᠡᠭᠡᠪᠡ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2