︽ᠤᠯᠠᠭᠠᠨᠴᠠᠪ ᠤᠨ ᠪᠠᠶᠢᠭᠠᠯᠢᠯᠢᠭ ᠦᠨᠦᠷ ᠠᠮᠲᠠ︾ ᠬᠤᠸᠠᠳᠧ ᠰᠢᠶᠠᠨ ᠤ ᠣᠨᠴᠠ ᠭᠠᠷᠤᠯᠲᠠ ᠶᠢᠨ ᠣᠷᠳᠣᠨ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2023/9/26
    9 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠬᠤᠸᠠᠳᠧ ᠰᠢᠶᠠᠨ ᠤ ᠨᠠᠮ ᠤᠨ ᠬᠤᠷᠢᠶ᠎ᠠ ᠶᠢᠨ ᠱᠦᠵᠢ ᠴᠠᠩ ᠳ᠋ᠠ ᠸᠧᠢ ᠬᠠᠮᠲᠤ ᠪᠠᠷ ︽ᠤᠯᠠᠭᠠᠨᠴᠠᠪ ᠤᠨ ᠪᠠᠶᠢᠭᠠᠯᠢᠯᠢᠭ ᠦᠨᠦᠷ ᠠᠮᠲᠠ︾ ᠬᠤᠸᠠᠳᠧ ᠰᠢᠶᠠᠨ ᠤ ᠣᠨᠴᠠ ᠭᠠᠷᠤᠯᠲᠠ ᠶᠢᠨ ᠣᠷᠳᠣᠨ ᠤ ᠫᠠᠶᠢᠰᠠ ᠶᠢ ᠰᠡᠬᠦᠵᠦ᠂ ︽ᠤᠯᠠᠭᠠᠨᠴᠠᠪ ᠤᠨ ᠪᠠᠶᠢᠭᠠᠯᠢᠯᠢᠭ ᠦᠨᠦᠷ ᠠᠮᠲᠠ︾ ᠬᠤᠸᠠᠳᠧ ᠰᠢᠶᠠᠨ ᠤ ᠣᠨᠴᠠ ᠭᠠᠷᠤᠯᠲᠠ ᠶᠢᠨ ᠣᠷᠳᠣᠨ ᠵᠢᠩᠬᠢᠨᠢ ᠪᠠᠷ ᠡᠵᠡᠩᠨᠡᠯᠲᠡ ᠳᠤ ᠣᠷᠣᠭᠰᠠᠨ ᠪᠠᠶᠢᠨ᠎ᠠ᠃

1.jpg

    ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ

ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠸᠠᠳᠧ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ

ᠪᠦᠲᠦᠭᠡᠭᠳᠡᠬᠦᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠣᠷᠣᠨ ᠤ ᠲᠥᠪ ᠬᠥᠬᠡᠬᠤᠲᠠ ᠶᠢᠨ ᠰᠢᠨ᠎ᠡ ᠬᠤᠲᠠ

ᠲᠣᠭᠤᠷᠢᠭ ᠤᠨ ᠵᠡᠭᠦᠨ ᠬᠤᠶᠠᠳᠤᠭᠠᠷ ᠲᠣᠭᠤᠷᠢᠯ ᠵᠠᠮ ᠤᠨ ᠣᠶᠤᠲᠠᠳ ᠤᠨ ᠭᠠᠳᠠᠭᠠᠳᠤ ᠳᠤ ᠰᠤᠷᠤᠯᠴᠠᠵᠤ ᠠᠳᠠᠯ

ᠦᠢᠯᠡᠰ ᠴᠣᠭᠴᠠᠯᠠᠬᠤ ᠬᠦᠷᠢᠶᠡᠯᠡᠩ ᠳᠤ ᠬᠤᠸᠠᠳᠧ ᠶᠢᠨ ᠣᠨᠴᠠ ᠭᠠᠷᠤᠯᠲᠠ ᠶᠢᠨ ᠣᠷᠳᠣᠨ ᠢ ᠵᠣᠬᠢᠴᠠᠭᠤᠯᠤᠨ

ᠪᠠᠶᠢᠭᠤᠯᠵᠤ᠂ ᠬᠤᠸᠠᠳᠧ ᠶᠢᠨ ᠴᠡᠪᠡᠷ ᠠᠮᠤ ᠼᠤᠤ᠂ ᠶᠢᠨ ᠱᠠᠨ ᠶᠧᠦ ᠮᠠᠢ᠂ ᠾᠦᠢ ᠶᠢᠨ ᠶᠤᠸᠠᠨ᠂ ᠬᠠᠨ ᠹᠧᠩ

ᠵᠡᠷᠭᠡ ᠰᠢᠷᠢᠰ ᠣᠨᠴᠠᠯᠢᠭᠲᠤ ᠭᠡᠷ ᠤᠨ ᠲᠡᠵᠢᠭᠡᠪᠦᠷᠢ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂

︽ᠤᠯᠠᠭᠠᠨᠴᠠᠪ ᠤᠨ ᠪᠠᠶᠢᠭᠠᠯᠢᠯᠢᠭ ᠦᠨᠦᠷ ᠠᠮᠲᠠ︾ ᠶᠢᠨ ᠨᠠᠷᠠᠲᠤ ᠲᠡᠮᠳᠡᠭᠲᠦ ᠶᠢ ᠬᠠᠷᠠᠭᠤᠯᠤᠨ᠂ ᠬᠤᠸᠠᠳᠧ ᠶᠢᠨ

ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠬᠦᠷᠬᠦ ᠬᠥᠭᠦᠷᠭᠡ ᠶᠢ

ᠪᠠᠶᠢᠭᠤᠯᠵᠤ᠂ ᠬᠤᠸᠠᠳᠧ  ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃

2.jpg

    ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ

ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠸᠠᠳᠧ ᠰᠢᠶᠠᠨ ᠤ ᠳᠡᠪᠡᠭᠡᠲᠦ ᠲᠣᠰᠬᠤᠨ ᠢ ᠴᠡᠭ ᠲᠣᠭᠲᠠᠭᠠᠨ

ᠲᠡᠳᠬᠦᠭᠰᠡᠨ ᠠᠴᠠ ᠨᠠᠰᠢ᠂ ᠴᠢᠩ ᠦᠨᠡᠨᠴᠢ ᠰᠡᠳᠬᠢᠯᠭᠡ ᠪᠠ ᠬᠠᠯᠠᠭᠤᠨ ᠰᠡᠳᠬᠢᠯᠭᠡ ᠪᠠᠷ ᠶᠡᠭᠡ ᠬᠡᠮᠵᠢᠶᠡᠨ ᠤ

ᠬᠥᠮᠥᠨ ᠤ ᠬᠦᠴᠦ ᠂ ᠪᠣᠳᠠᠰ ᠤᠨ ᠬᠦᠴᠦ ᠂ ᠡᠳ᠋ ᠤᠨ ᠬᠦᠴᠦᠨ ᠢ ᠵᠠᠷᠤᠴᠠᠭᠤᠯᠵᠤ ᠂ ᠬᠠᠪᠰᠤᠷᠤᠨ ᠲᠡᠳᠬᠦᠬᠦ

ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ ᠂ ᠤᠷᠢᠳ ᠬᠤᠵᠢᠳ ᠳᠡᠪᠡᠭᠡᠲᠦ

ᠰᠢᠶᠠᠩ ᠳᠤ 50 ᠰᠠᠭᠤᠷᠢ ᠺᠣᠮᠫᠢᠦ᠋ᠲ᠋ᠧᠷ ᠬᠠᠨᠳᠢᠪᠯᠡᠵᠤ ᠂ ᠶᠢᠨ ᠱᠠᠨ ᠶᠧᠦ ᠮᠠᠢ ᠺᠣᠮᠫᠠᠨᠢ ᠶᠢ ᠵᠣᠬᠢᠴᠠᠭᠤᠯᠤᠨ 

ᠬᠤᠸᠠᠳᠧ ᠰᠢᠶᠠᠨ ᠤ ᠳᠡᠪᠡᠭᠡᠲᠦ ᠲᠣᠰᠬᠤᠨ᠂ ᠰᠢᠨ ᠹᠦ᠋ ᠲᠣᠰᠬᠤᠨ ᠂  ᠰᠡᠴᠡᠨ ᠭᠤᠤ ᠲᠣᠰᠬᠤᠨ ᠤ ᠶᠠᠳᠠᠭᠤ

ᠬᠦᠴᠢᠷᠳᠡᠯᠲᠡᠢ ᠡᠷᠦᠬᠡ ᠳᠤ 12 ᠲᠣᠨ ᠨᠣᠬᠠᠢ ᠶᠢᠨ ᠬᠤᠰᠢᠭᠤ ᠶᠢᠨ ᠦᠷ᠎ᠡ ᠂ 15 ᠲᠣᠨ ᠬᠢᠮᠢ ᠶᠢᠨ ᠪᠣᠷᠳᠣᠭᠤᠷ ᠢ

ᠦᠨ᠎ᠡ ᠲᠥᠯᠥᠪᠦᠷᠢ ᠦᠭᠡᠢ ᠪᠠᠷ ᠲᠦᠭᠡᠭᠡᠬᠦ ᠶᠢᠨ ᠬᠠᠮᠲᠤ ᠲᠣᠰᠬᠤᠨ ᠤ ᠠᠷᠠᠳ ᠲᠠᠢ ᠬᠤᠳᠠᠯᠳᠤᠨ ᠠᠪᠬᠤ ᠭᠡᠷ᠎ᠡ

ᠲᠣᠭᠲᠠᠵᠠᠢ ᠃ ᠽᠢ ᠶᠢᠨ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠠᠴᠠ ᠳᠡᠪᠡᠭᠡᠲᠦ ᠲᠣᠰᠬᠤᠨ ᠤ

ᠠᠵᠤ ᠠᠬᠤᠢ ᠶᠢᠨ ᠬᠤᠷᠰᠢᠶ᠎ᠠ ᠳᠤ 4 ᠲᠦᠮᠡᠨ ᠲᠥᠭᠦᠷᠢᠭ ᠤᠨ ᠬᠥᠭᠵᠢᠯᠲᠡ ᠶᠢᠨ ᠪᠡᠯᠡ ᠮᠥᠩᠭᠦ ᠬᠠᠨᠳᠢᠪᠯᠡᠵᠤ᠂ 4.

6 ᠲᠦᠮᠡᠨ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢ ᠬᠤᠳᠠᠯᠳᠤᠨ ᠠᠪᠴᠤ ᠬᠠᠪᠰᠤᠷᠤᠨ

ᠲᠡᠳᠬᠦᠵᠦ᠂ 1 ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ᠂ 1 ᠡᠷᠭᠢᠭᠦᠯ ᠠᠨᠵᠢᠰᠤ ᠬᠠᠨᠳᠢᠪᠯᠡᠵᠤ᠂ ᠵᠧᠵᠢᠶᠠᠩ ᠤᠨ

ᠬᠤᠳᠠᠯᠳᠤᠭᠠᠨ ᠤ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠠᠴᠠ ᠳᠡᠪᠡᠭᠡᠲᠦ ᠲᠣᠰᠬᠤᠨ ᠤ ᠠᠵᠤ

ᠠᠬᠤᠢ ᠶᠢᠨ ᠬᠤᠷᠰᠢᠶ᠎ᠠ ᠳᠤ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢ ᠬᠤᠳᠠᠯᠳᠤᠨ ᠠᠪᠬᠤ ᠪᠠᠷ ᠳᠡᠮᠵᠢᠨ

10 ᠲᠦᠮᠡᠨ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢ ᠬᠠᠪᠰᠤᠷᠤᠨ ᠲᠡᠳᠬᠦᠪᠡ᠃

    ᠲᠣᠰ ᠤᠳᠠᠭᠠᠨ ᠤ ︽ᠤᠯᠠᠭᠠᠨᠴᠠᠪ ᠤᠨ ᠪᠠᠶᠢᠭᠠᠯᠢᠯᠢᠭ ᠦᠨᠦᠷ ᠠᠮᠲᠠ︾ ᠬᠤᠸᠠᠳᠧ ᠶᠢᠨ ᠣᠨᠴᠠ

ᠭᠠᠷᠤᠯᠲᠠ ᠶᠢᠨ ᠣᠷᠳᠣᠨ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠨᠢ ᠣᠯᠠᠨ ᠲᠦᠮᠡᠨ ᠤ ᠣᠷᠣᠯᠭ᠎ᠠ ᠶᠢ

ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠬᠤᠸᠠᠳᠧ ᠰᠢᠶᠠᠨ ᠤ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠳᠤ ᠢᠳᠡᠪᠬᠢᠲᠡᠢ ᠠᠬᠢᠭᠤᠯᠬᠤ

ᠦᠢᠯᠡᠳᠦᠯ ᠦᠵᠡᠭᠦᠯᠬᠦ ᠪᠣᠯᠣᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2