ᠮᠠᠨ ᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ︽ᠤᠯᠤᠰ ᠤᠨ ᠪᠠᠶᠠᠷ ᠢ ᠤᠭᠲᠤᠬᠤ︾ ᠬᠠᠮᠲᠤᠷᠠᠭᠰᠠᠨ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/9/27
    ᠭᠡᠭᠡᠯᠢᠭ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠨᠢᠩᠭᠦᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠤᠭ ᠵᠣᠯᠢ ᠪᠠ ᠡᠷᠴᠢ ᠬᠦᠴᠦᠨ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ 9 ᠰᠠᠷ᠎ᠠ ᠶᠢᠨ 25 ᠤ ᠡᠳᠦᠷ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ︽ᠤᠯᠤᠰ ᠤᠨ ᠪᠠᠶᠠᠷ ᠢ ᠤᠭᠲᠤᠬᠤ︾ ᠬᠠᠮᠲᠤᠷᠠᠭᠰᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠵᠤ ᠦᠷᠨᠢᠭᠦᠯᠪᠡ᠃

b1.jpg

    ᠤᠷᠤᠯᠳᠤᠭᠠᠨ ᠤ ᠱᠠᠭᠠᠷᠳᠠᠯᠭ᠎ᠠ ᠶᠢ ᠦᠨᠳᠦᠰᠦᠯᠡᠵᠦ᠂ ᠡᠯ᠎ᠡ ᠠᠩᠭᠢ ᠶᠢᠨ ᠬᠢᠨ ᠡᠩ ᠤᠨ ᠴᠠᠭ ᠲᠤ ᠰᠤᠷᠤᠭᠴᠢᠳ ᠢ

ᠵᠣᠬᠢᠶᠠᠨ ᠪᠠᠶᠢᠭᠤᠯᠤᠨ ᠢᠳᠡᠪᠬᠢᠲᠡᠢ ᠣᠷᠣᠯᠴᠠᠭᠤᠯᠵᠤ᠂ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠪᠠ ᠬᠢᠴᠢᠶᠡᠯ ᠤᠨ

ᠭᠠᠳᠠᠨᠠᠬᠢ ᠬᠥᠳᠡᠯᠭᠡᠭᠡᠨ ᠤ ᠴᠠᠭ ᠢ ᠭᠦᠢᠴᠡᠳ ᠠᠰᠢᠭᠯᠠᠨ ᠵᠢᠭᠰᠠᠭᠠᠯ ᠤᠨ ᠬᠡᠯᠪᠡᠷᠢ᠂ ᠬᠢᠴᠢᠶᠡᠯ ᠤᠨ ᠵᠠᠪᠰᠠᠷᠯᠠᠭ᠎ᠠ ᠶᠢᠨ

ᠲᠠᠮᠢᠷ ᠤᠨ ᠪᠣᠯᠪᠠᠰᠤᠷᠠᠯ ᠬᠢᠵᠦ᠂ ᠪᠤᠷᠤᠭᠤ ᠬᠥᠳᠡᠯᠭᠡᠭᠡᠨ ᠢ ᠵᠠᠯᠠᠷᠠᠭᠤᠯᠤᠨ᠂ ᠬᠠᠷᠢᠯᠴᠠᠨ ᠪᠠᠶᠢᠴᠠᠭᠠᠨ ᠦᠨᠡᠯᠡᠵᠦ᠂ ᠰᠣᠷᠣᠭᠴᠢ

ᠨᠢᠭᠡᠪᠦᠷᠢ ᠳᠤ ᠬᠥᠳᠡᠯᠭᠡᠭᠡᠨ ᠤ ᠠᠨᠢᠰᠤ᠂ ᠠᠶᠢᠵᠠᠮ ᠪᠠ ᠡᠷᠴᠢᠮ ᠢ ᠡᠵᠡᠮᠰᠢᠭᠦᠯᠦᠨ᠂ ᠬᠠᠷᠢᠯᠴᠠᠨ ᠬᠠᠪᠰᠤᠷᠤᠯᠴᠠᠬᠤ᠂

ᠪᠦᠯᠬᠦᠮᠳᠡᠨ ᠬᠠᠮᠵᠢᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠩᠭᠢ ᠨᠡᠶᠢᠲᠡ ᠶᠢᠨ ᠨᠢᠭᠲᠠᠷᠠᠯ ᠤᠨ

ᠬᠦᠴᠦᠨ ᠪᠠ ᠰᠠᠶᠢᠨ ᠰᠠᠶᠢᠬᠠᠨ ᠠᠩᠭᠢ ᠶᠢᠨ ᠬᠡᠪ ᠰᠤᠷᠲᠠᠯ ᠢ ᠭᠦᠢᠴᠡᠳ ᠪᠠᠳᠠᠷᠠᠭᠤᠯᠪᠡ᠃

b2.jpg

    ᠤᠷᠤᠯᠳᠤᠭᠠᠨ ᠤ ᠲᠠᠯᠠᠪᠤᠷ ᠲᠤ ᠂ ᠭᠢᠮᠨᠠᠰᠲ᠋ᠢᠺ ᠤᠨ ᠳᠠᠭᠤᠤ ᠬᠥᠭᠵᠢᠮ ᠤᠨ ᠤᠳᠠᠭ᠎ᠠ ᠲᠠᠷᠠᠭ᠎ᠠ ᠪᠠᠷ ᠴᠤᠤᠷᠢᠶᠠᠲᠤᠬᠤ ᠶᠢ

ᠳᠠᠭᠠᠯᠳᠤᠨ᠂ ᠨᠢᠭᠡᠨ ᠰᠠᠯᠠᠭ᠎ᠠ ᠵᠢᠭᠳᠡ ᠵᠢᠭᠰᠠᠭᠰᠠᠨ᠂ ᠬᠥᠳᠡᠯᠭᠡᠭᠡᠨ ᠬᠦᠴᠦᠲᠡᠢ ᠂ ᠤᠷᠢᠶ᠎ᠠ ᠬᠠᠩᠭᠢᠨᠠᠮ᠎ᠠ ᠂ ᠣᠷᠭᠢᠯᠤᠮ᠎ᠠ

ᠬᠠᠯᠠᠭᠤᠨ ᠰᠡᠳᠬᠢᠯᠭᠡ ᠪᠠᠷ ᠪᠢᠯᠬᠠᠮ᠎ᠠ ᠡᠩᠨᠡᠭᠡ ᠡᠮᠬᠢ ᠵᠢᠷᠤᠮ ᠲᠠᠢ ᠪᠠᠷ ᠲᠠᠶᠢᠰᠠᠨ ᠳᠤ ᠭᠠᠷᠤᠯ᠎ᠠ ᠃ ᠰᠤᠷᠤᠭᠴᠢᠳ ᠤᠨ

ᠡᠮᠦᠰᠴᠦ ᠵᠡᠭᠦᠭᠰᠡᠨ ᠨᠢ ᠨᠢᠭᠡᠳᠦᠯᠲᠡᠢ ᠂ ᠬᠥᠳᠡᠯᠦᠯ ᠪᠠᠷᠢᠯ ᠨᠢ ᠲᠡᠷᠢ ᠲᠡᠭᠰᠢ ᠂ ᠴᠤᠬ ᠵᠢᠪᠬᠤᠭ᠎ᠠ ᠪᠢᠯᠬᠠᠮ᠎ᠠ ᠂ ᠲᠡᠳᠡᠠ ᠤ

ᠨᠠᠷᠢᠨ ᠬᠢᠨᠠᠮᠠᠭᠠᠢ ᠣᠪᠣᠷ᠂ ᠣᠷᠭᠢᠯᠤᠮ᠎ᠠ ᠬᠠᠯᠠᠭᠤᠨ ᠰᠡᠳᠬᠢᠯᠭᠡ ᠂ ᠪᠦᠯᠬᠦᠮᠳᠡᠨ ᠬᠠᠮᠵᠢᠯᠴᠠᠬᠤ ᠂ ᠠᠩᠭᠢ ᠳᠠᠭᠠᠨ ᠢᠷᠠᠭᠤ

ᠠᠯᠳᠠᠷ ᠣᠯᠭᠤᠬᠤ ᠵᠣᠷᠢᠭ ᠰᠠᠨᠠᠭ᠎ᠠ ᠨᠢ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠦᠯᠬᠦᠮᠳᠡᠨ ᠳᠠᠪᠰᠢᠵᠤ ᠂

ᠢᠳᠡᠪᠬᠢᠯᠡᠨ ᠲᠡᠪᠰᠢᠬᠤ ᠤᠶᠦᠠ ᠰᠠᠨᠠᠭᠠᠨ ᠤ ᠰᠠᠶᠢᠨ ᠰᠠᠶᠢᠬᠠᠨ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃

b3.jpg

    ᠤᠷᠤᠯᠳᠤᠭᠠᠨ ᠢᠶᠠᠷ ᠳᠠᠮᠵᠢᠭᠠᠳ ᠰᠤᠷᠭᠠᠭᠤᠯᠢ ᠶᠢᠨ ᠵᠢᠭᠰᠠᠭᠠᠯ ᠪᠤᠯᠪᠠᠰᠤᠷᠠᠯ ᠪᠠ ᠬᠢᠴᠢᠶᠡᠯ ᠤᠨ ᠵᠠᠪᠰᠠᠷᠯᠠᠭ᠎ᠠ ᠶᠢᠨ

ᠲᠠᠮᠢᠷ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠪᠠᠶᠢᠴᠠᠭᠠᠭᠰᠠᠨ ᠢᠶᠠᠷ ᠪᠠᠷᠠᠬᠤ ᠦᠭᠡᠢ ᠂ ᠠᠩᠭᠢ ᠶᠢᠨ ᠪᠦᠯᠬᠦᠮᠳᠡᠯ

ᠪᠠ ᠨᠥᠬᠦᠷᠯᠡᠯ ᠢ ᠴᠢᠩᠭᠠᠳᠬᠠᠵᠤ ᠂ ᠰᠤᠷᠤᠭᠴᠢᠳ ᠤᠨ ᠵᠣᠬᠢᠶᠠᠨ ᠪᠠᠶᠢᠭᠤᠯᠤᠯᠲᠠᠲᠤ ᠴᠢᠨᠠᠷ ᠪᠠ ᠰᠠᠬᠢᠯᠭ᠎ᠠ ᠪᠠᠲᠤᠴᠢ ᠴᠢᠨᠠᠷ ᠢ

ᠬᠥᠮᠥᠵᠢᠭᠦᠯᠦᠨ᠂ ᠰᠤᠷᠤᠭᠴᠢᠳ ᠤᠨ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠪᠠ ᠤᠯᠤᠰ ᠢᠶᠠᠨ ᠬᠠᠶᠢᠷᠠᠯᠠᠬᠤ

ᠬᠠᠯᠠᠭᠤᠨ ᠰᠡᠳᠬᠢᠯᠭᠡ ᠶᠢ ᠴᠢᠩᠭᠠᠷᠠᠭᠤᠯᠵᠤ ᠂ ᠪᠠᠰᠠ ᠰᠤᠷᠤᠭᠴᠢᠳ ᠤᠨ ᠪᠡᠶ᠎ᠡ ᠮᠠᠬᠠᠪᠤᠳ ᠪᠠ ᠰᠥᠰᠥ ᠵᠣᠷᠢᠭ ᠢ ᠳᠠᠪᠲᠠᠨ

ᠪᠣᠯᠪᠠᠰᠤᠷᠠᠭᠤᠯᠵᠠᠢ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2