ᠳᠠᠭᠠᠳᠬᠠᠯ ᠳᠤ ᠣᠷᠣᠯᠴᠠᠭᠰᠠᠳ ᠲᠤ ᠨᠠᠩ ᠳᠥᠭᠦᠮ ᠳᠥᠲᠡ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡ ᠶᠢ ᠬᠠᠩᠭᠠᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠢᠷᠭᠢᠶ᠎ᠡ | ᠶᠢᠨ ᠨᠡᠶᠢᠲᠡ ᠶᠢᠨ ᠲᠠᠪᠴᠠᠩ ᠲᠦᠷᠦᠭᠦᠬᠡᠨ ᠬᠡᠯᠡᠯᠴᠡᠭᠡᠷ ᠤᠨ ᠬᠤᠭᠤᠴᠠᠭᠠᠨ ᠳᠠᠬᠢ ︽ᠤᠯᠤᠰ ᠤᠨ ᠬᠡᠯᠡᠯᠴᠡᠭᠡᠷ ᠤᠨ | ᠡᠮ ᠤᠨ ᠵᠦᠢᠯ︾ ᠲᠣᠬᠢᠷᠠᠭᠤᠯᠬᠤ ᠪᠠᠶᠢᠭᠤᠯᠤᠮᠵᠢ ᠶᠢ ᠪᠠᠶᠢᠴᠠᠭᠠᠨ ᠯᠠᠪᠯᠠᠬᠤ ᠴᠢᠳᠠᠮᠵᠢ ᠶᠢ ᠨᠡᠪᠲᠡᠷᠡᠭᠦᠯᠵᠡᠢ᠃ | ︽ᠤᠯᠤᠰ ᠤᠨ ᠬᠡᠯᠡᠯᠴᠡᠭᠡᠷ ᠤᠨ ᠡᠮ ᠤᠨ ᠵᠦᠢᠯ︾ ᠭᠡᠳᠡᠭ ᠨᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ | ᠬᠢᠭᠡᠳ ᠡᠮ ᠤᠨ ᠵᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠨ᠎ᠡ ᠬᠠᠩᠰᠢ ᠶᠢᠨ ᠬᠡᠯᠡᠯᠴᠡᠭᠡᠷ ᠪᠠᠷ | ᠳᠡᠮᠵᠢᠨ᠂ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ | ᠭᠠᠷᠴᠠᠭ ᠲᠤ ᠣᠷᠣᠭᠤᠯᠤᠨ ᠲᠠᠩᠰᠠ ᠲᠠᠶᠢᠯᠬᠤ ᠪᠥᠭᠡᠳ ᠬᠡᠯᠡᠯᠴᠡᠭᠡᠷ ᠤᠨ ᠬᠤᠭᠤᠴᠠᠭᠠᠨ ᠳᠤ ᠪᠠᠶᠢᠭ᠎ᠠ ᠡᠮ ᠤᠨ | ᠵᠦᠢᠯ ᠢ ᠵᠢᠭᠠᠵᠤ ᠪᠤᠶ᠂ ᠣᠯᠠᠩᠬᠢ ᠨᠢ ᠣᠶᠢᠷ᠎ᠠ ᠶᠢᠨ ᠵᠢᠯ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠰᠢᠨ᠎ᠡ ᠪᠠᠷ | ᠵᠥᠪᠰᠢᠶᠡᠷᠡᠭᠰᠡᠨ᠂ ᠭᠠᠭᠴᠠᠭᠠᠷ ᠦᠢᠯᠡᠳᠪᠦᠷᠢᠯᠡᠭᠰᠡᠨ᠂ ᠵᠠᠬ᠎ᠠ ᠳᠡᠯᠭᠡᠭᠦᠷ ᠳᠡᠭᠡᠷ᠎ᠡ ᠥᠷᠢᠰᠦᠯᠳᠦᠭᠡᠨ ᠢᠶᠠᠷ ᠳᠤᠲᠠᠮᠠᠭ | ᠡᠮ ᠤᠨ ᠵᠦᠢᠯ ᠪᠣᠯᠣᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠡᠮ ᠡᠮᠨᠡᠯᠭᠡ ᠶᠢᠨ ᠳᠠᠭᠠᠳᠬᠠᠯ ᠤᠨ ᠡᠮ ᠤᠨ | ᠵᠦᠢᠯ ᠤᠨ ᠭᠠᠷᠴᠠᠭ ᠤᠨ ᠬᠡᠯᠡᠯᠴᠡᠭᠡᠷ ᠤᠨ ᠬᠤᠭᠤᠴᠠᠭᠠᠨ ᠳᠠᠬᠢ ︽ᠤᠯᠤᠰ ᠤᠨ ᠬᠡᠯᠡᠯᠴᠡᠭᠡᠷ ᠤᠨ ᠡᠮ ᠤᠨ ᠵᠦᠢᠯ︾ | ᠨᠡᠶᠢᠲᠡ 346 ᠵᠦᠢᠯ ᠪᠠᠶᠢᠵᠤ᠂ ᠬᠤᠣᠷᠠᠲᠤ ᠬᠠᠪᠤᠳᠠᠷ᠂ ᠬᠤᠪᠣᠷ ᠲᠣᠬᠢᠶᠠᠯᠳᠤᠬᠤ ᠡᠪᠡᠳᠴᠢᠨ᠂ ᠴᠢᠰᠤᠨ ᠳᠠᠷᠤᠯᠲᠠ | ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠣᠯᠠᠨ ᠡᠮᠴᠢᠯᠡᠭᠡᠨ ᠤ ᠬᠦᠷᠢᠶ᠎ᠡ ᠶᠢ ᠬᠠᠮᠤᠷᠴᠠᠢ᠃ | ᠣᠳᠣᠬᠠᠨ ᠳᠤ ︽ᠤᠯᠤᠰ ᠤᠨ ᠬᠡᠯᠡᠯᠴᠡᠭᠡᠷ ᠤᠨ ᠡᠮ ᠤᠨ ᠵᠦᠢᠯ︾ ᠪᠣᠯ ᠴᠥᠮ ᠡᠮ ᠡᠮᠨᠡᠯᠭᠡ ᠶᠢᠨ | ᠳᠠᠭᠠᠳᠬᠠᠯ ᠤᠨ ᠬᠥᠬᠡᠭᠴᠢᠨ ᠲᠥᠷᠥᠯ ᠤᠨ ᠡᠮ ᠤᠨ ᠵᠦᠢᠯ ᠪᠠᠶᠢᠵᠤ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠳ ᠡᠨᠡ ᠲᠥᠷᠥᠯ ᠤᠨ ᠡᠮ ᠢ ᠬᠡᠷᠡᠭᠯᠡᠬᠦ ᠳᠤ᠂ ᠬᠤᠪᠢ ᠬᠥᠮᠥᠨ ᠤᠷᠢᠳ ᠢᠶᠠᠷ ᠵᠣᠬᠢᠬᠤ | ᠬᠠᠷᠢᠴᠠᠯ ᠢᠶᠠᠷ ᠲᠥᠯᠥᠵᠦ᠂ ᠳᠠᠷᠠᠭ᠎ᠠ ᠨᠢ ᠲᠣᠭᠲᠠᠭᠠᠭᠰᠠᠨ ᠬᠠᠷᠢᠴᠠᠯ ᠢᠶᠠᠷ ᠲᠠᠩᠰᠠ ᠲᠠᠶᠢᠯᠬᠤ ᠬᠡᠷᠡᠭᠲᠡᠢ ᠪᠠᠶᠢᠳᠠᠭ᠃ | ︽ᠤᠯᠤᠰ ᠤᠨ ᠬᠡᠯᠡᠯᠴᠡᠭᠡᠷ ᠤᠨ ᠡᠮ ᠤᠨ ᠵᠦᠢᠯ︾ ᠢ ᠲᠣᠬᠢᠷᠠᠭᠤᠯᠬᠤ ᠪᠠᠶᠢᠭᠤᠯᠤᠮᠵᠢ ᠶᠢ ᠪᠠᠶᠢᠴᠠᠭᠠᠨ ᠯᠠᠪᠯᠠᠬᠤ | ᠪᠣᠳᠠᠲᠠᠢ ᠠᠯᠬᠤᠮ ᠳᠠᠷᠠᠭ᠎ᠠ ᠶᠢ ᠣᠶᠢᠯᠠᠭᠠᠶ᠎ᠠ᠄ | ᠨᠢᠭᠡᠳᠦᠭᠡᠷ ᠠᠯᠬᠤᠮ ᠳᠤ᠄ | ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︾ ᠶᠢᠨ ᠵᠢᠷᠭᠢᠶ᠎ᠡ ᠶᠢᠨ ᠨᠡᠶᠢᠲᠡ ᠶᠢᠨ ᠲᠠᠪᠴᠠᠩ ᠲᠤ | ᠣᠷᠣᠵᠤ᠂ ᠪᠢᠴᠢᠯ ᠦᠢᠯᠡᠴᠢᠯᠡᠭᠡ ᠶᠢ ᠲᠣᠪᠴᠢᠳᠠᠨ᠎ᠠ᠂ | ᠳᠠᠷᠠᠭ᠎ᠠ ᠨᠢ ︽︿ᠤᠯᠤᠰ ᠤᠨ ᠬᠡᠯᠡᠯᠴᠡᠭᠡᠷ ᠤᠨ ᠡᠮ ᠤᠨ ᠵᠦᠢᠯ﹀ ᠢ ᠲᠣᠬᠢᠷᠠᠭᠤᠯᠬᠤ ᠪᠠᠶᠢᠭᠤᠯᠤᠮᠵᠢ ᠶᠢ ᠪᠠᠶᠢᠴᠠᠭᠠᠨ | ᠯᠠᠪᠯᠠᠬᠤ︾ ᠳᠠᠷᠤᠪᠴᠢ ᠶᠢ ᠲᠤᠪᠢᠴᠳᠠᠵᠤ᠂ ᠪᠠᠶᠢᠴᠠᠭᠠᠨ ᠯᠠᠪᠯᠠᠬᠤ ᠬᠠᠭᠤᠳᠠᠰᠤᠨ ᠳᠤ ᠣᠷᠣᠨ᠎ᠠ᠃ | ᠬᠤᠶᠠᠳᠤᠭᠠᠷ ᠠᠯᠬᠤᠮ᠄ | ︽ᠤᠯᠤᠰ ᠤᠨ ᠬᠡᠯᠡᠯᠴᠡᠭᠡᠷ ᠤᠨ ᠡᠮ ᠤᠨ ᠵᠦᠢᠯ︾ ᠤᠨ ᠨᠡᠷᠡᠶᠢᠳᠦᠯ ᠢ ᠣᠷᠣᠭᠤᠯᠵᠤ ᠬᠠᠶᠢᠪᠠᠯ᠂ ᠡᠮ ᠡᠮᠨᠡᠯᠭᠡ ᠶᠢᠨ | ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ᠂ ᠬᠡᠯᠡᠯᠴᠡᠭᠡᠷ ᠤᠨ ᠬᠦᠴᠦᠨ ᠲᠠᠢ ᠬᠤᠭᠤᠴᠠᠭ᠎ᠠ ᠵᠡᠷᠭᠡ ᠮᠡᠳᠡᠭᠡ | ᠵᠠᠩᠭᠢ ᠶᠢ ᠣᠯᠵᠤ ᠦᠵᠡᠵᠦ ᠪᠣᠯᠣᠨ᠎ᠠ᠃ | ᠭᠤᠷᠪᠠᠳᠤᠭᠠᠷ ᠠᠯᠬᠤᠮ᠄ | ︽ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ︾ ᠪᠤᠶᠤ ︽ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ︾ ᠢ ᠲᠣᠪᠴᠢᠳᠠᠪᠠᠯ᠂ ᠲᠣᠰ ᠡᠮ ᠤᠨ ᠵᠦᠢᠯ ᠤᠨ ᠡᠯ᠎ᠡ ᠭᠠᠵᠠᠷ ᠣᠷᠣᠨ ᠳᠤ ᠲᠣᠬᠢᠷᠠᠭᠤᠯᠤᠭᠰᠠᠨ | ᠪᠠᠶᠢᠳᠠᠯ ᠢ ᠪᠠᠶᠢᠴᠠᠭᠠᠨ ᠯᠠᠪᠯᠠᠵᠤ ᠪᠣᠯᠣᠨ᠎ᠠ᠃ | ᠡᠭᠦᠨ ᠤ ᠬᠠᠮᠲᠤ᠂ ᠪᠠᠰᠠ ᠵᠢᠷᠭᠢᠶ᠎ᠡ ᠶᠢᠨ ᠨᠢᠭᠤᠷ ᠤᠨ ᠳᠣᠣᠷ᠎ᠠ ᠲᠠᠯ᠎ᠠ ᠶᠢᠨ ︽ᠪᠠᠶᠢᠭᠤᠯᠤᠮᠵᠢ ᠶᠢ ᠪᠠᠶᠢᠴᠠᠭᠠᠬᠤ︾ | ᠶᠢ ᠲᠣᠪᠴᠢᠳᠠᠵᠤ᠂ ︽ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ︾ ᠪᠤᠶᠤ ︽ᠴᠡᠭ ᠲᠣᠭᠲᠠᠭᠠᠭᠰᠠᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ︾ ᠤᠨ ᠨᠢᠭᠤᠷ ᠲᠤ ᠣᠷᠣᠵᠤ᠂ ᠪᠣᠳᠠᠲᠠᠢ ᠡᠮᠴᠢᠯᠡᠭᠡᠨ ᠤ ᠪᠠᠶᠢᠭᠤᠯᠤᠮᠵᠢ | ᠪᠤᠶᠤ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠰᠣᠩᠭᠤᠭᠰᠠᠨ ᠤ ᠳᠠᠷᠠᠭ᠎ᠠ᠂ ︽ᠡᠮ ᠤᠨ ᠵᠦᠢᠯ ᠢ ᠪᠠᠶᠢᠴᠠᠭᠠᠨ | ᠯᠠᠪᠯᠠᠬᠤ︾ ᠶᠢ ᠲᠣᠪᠴᠢᠳᠠᠵᠤ᠂ ᠲᠣᠰ ᠪᠠᠶᠢᠭᠤᠯᠤᠮᠵᠢ ᠶᠢᠨ ᠲᠣᠬᠢᠷᠠᠭᠤᠯᠤᠭᠰᠠᠨ ︽ᠤᠯᠤᠰ ᠤᠨ ᠬᠡᠯᠡᠯᠴᠡᠭᠡᠷ ᠤᠨ | ᠡᠮ ᠤᠨ ᠵᠦᠢᠯᠡᠰ︾ ᠤᠨ ᠪᠦᠭᠦ ᠪᠠᠶᠢᠳᠠᠯ ᠢ ᠣᠶᠢᠯᠠᠭᠠᠵᠤ ᠪᠣᠯᠣᠨ᠎ᠠ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ | |