ᠬᠤᠸᠠᠳᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠥᠷᠲᠡᠭᠡ ᠥᠪᠡᠷᠲᠡᠭᠡᠨ ᠵᠠᠰᠠᠬᠤ ᠣᠷᠣᠨ ᠤ ︽ᠬᠤᠣᠰ ᠭᠡᠷᠡᠴᠢᠯᠡᠯ︾ ᠢ ᠣᠯᠪᠠ
ᠨᠡᠶᠢᠲᠡᠯᠡᠭᠰᠡᠨ ᠴᠠᠭ᠄
2024/1/11
    ᠬᠤᠸᠠᠳᠧ ᠰᠢᠶᠠᠨ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ‍ᠤᠨ‌ᠠᠮᠤᠷ ᠲᠦᠪᠰᠢᠨ ᠰᠢᠶᠠᠨ ᠪᠣᠯᠣᠨ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠥᠷᠲᠡᠭᠡ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ 6 ᠰᠠᠷ᠎ᠠ ᠰᠢᠬᠠᠮ ᠤᠨ ᠢᠳᠡᠪᠬᠢᠲᠡᠢ ᠪᠡᠯᠡᠳᠬᠡᠯ ᠢᠶᠠᠷ ᠳᠡᠮᠵᠢᠨ᠂ 2023 ᠣᠨ ᠤ 12 ᠰᠠᠷ᠎ᠠ ᠶᠢᠨ ᠡᠬᠢ ᠪᠠᠷ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠢᠨᠠᠨ ᠰᠢᠯᠭᠠᠬᠤ ᠳᠤᠭᠤᠶᠢᠯᠠᠩ ᠤᠨ ᠬᠢᠨᠠᠨ ᠰᠢᠯᠭᠠᠵᠤ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠰᠢᠯᠭᠠᠬᠤ ︽ᠬᠤᠣᠰ ᠭᠡᠷᠡᠴᠢᠯᠡᠯ︾ ᠤᠨ ᠲᠤᠬᠠᠢ ᠶᠢᠨ ᠲᠠᠯᠠᠪᠤᠷ ᠤᠨ ᠬᠢᠨᠠᠨ ᠰᠢᠯᠭᠠᠯᠲᠠ ᠶᠢ ᠬᠦᠯᠢᠶᠡᠪᠡ᠃

1.jpg

    ᠬᠢᠨᠠᠨ ᠲᠣᠭᠲᠠᠭᠠᠬᠤ ᠳᠤᠭᠤᠶᠢᠯᠠᠩ ᠲᠤᠬᠠᠢ ᠶᠢᠨ ᠲᠠᠯᠠᠪᠤᠷ ᠲᠤ ᠶᠠᠰᠤ ᠴᠢᠨᠠᠷ ᠤᠨ ᠭᠠᠷ ᠳᠡᠪᠲᠡᠷ᠂ ᠫᠷᠣᠭ᠍ᠷᠠᠮ ᠤᠨ

ᠪᠢᠴᠢᠭ ᠮᠠᠲ᠋ᠧᠷᠢᠶᠠᠯ᠂ ᠠᠵᠢᠯ ᠤᠨ ᠵᠢᠯᠤᠭᠤᠳᠬᠤ ᠪᠢᠴᠢᠭ᠂ ᠶᠠᠰᠤ ᠴᠢᠨᠠᠷ ᠤᠨ ᠰᠢᠰᠲ᠋ᠧᠮ ᠤᠨ ᠠᠵᠢᠯᠯᠠᠭᠠᠨ ᠤ

ᠲᠡᠮᠳᠡᠭᠯᠡᠯ ᠢ ᠬᠢᠨᠠᠨ ᠪᠠᠶᠢᠴᠠᠭᠠᠪᠠ︔ ᠪᠠᠶᠢᠴᠠᠭᠠᠨ ᠰᠢᠯᠭᠠᠬᠤ ᠭᠠᠵᠠᠷ ᠪᠣᠯᠣᠨ ᠣᠷᠴᠢᠨ ᠲᠣᠭᠤᠷᠢᠨ ᠤ ᠨᠥᠬᠦᠴᠡᠯ ᠢ

ᠪᠠᠶᠢᠴᠠᠭᠠᠨ ᠦᠵᠡᠪᠡ ︔ ᠬᠡᠮᠵᠢᠭᠦᠷᠯᠢᠭ ᠤᠨ ᠲᠥᠬᠦᠭᠡᠷᠦᠮᠵᠢ ᠶᠢᠨ ᠬᠡᠮᠵᠢᠭᠳᠡᠬᠦᠨ ᠤ ᠡᠬᠢ ᠰᠤᠷᠪᠤᠯᠵᠢ ᠶᠢ ᠡᠷᠢᠬᠦ ᠪᠠ

ᠬᠡᠷᠡᠭᠯᠡᠬᠦ᠂ ᠬᠠᠮᠠᠭᠠᠯᠠᠬᠤ ᠵᠢᠴᠢ ᠬᠤᠯᠪᠣᠭᠳᠠᠯ ᠪᠦᠬᠦᠢ ᠲᠠᠩᠰᠠ ᠡᠪᠬᠡᠮᠡᠯ ᠤᠨ ᠲᠡᠮᠳᠡᠭᠯᠡᠯ ᠢ ᠪᠠᠶᠢᠴᠠᠭᠠᠪᠠ︔

ᠠᠩᠬᠠᠨ ᠤ ᠲᠡᠮᠳᠡᠭᠯᠡᠯ ᠪᠠ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠵᠢᠴᠢ ᠠᠵᠢᠯᠲᠠᠨ ᠤ ᠮᠡᠷᠭᠡᠵᠢᠯ ᠤᠨ ᠲᠠᠩᠰᠠ

ᠡᠪᠬᠡᠮᠡᠯ᠂ ᠪᠣᠯᠪᠠᠰᠤᠷᠠᠭᠤᠯᠤᠯ ᠤᠨ ᠪᠠᠶᠢᠳᠠᠯ ᠤᠨ ᠲᠡᠮᠳᠡᠭᠯᠡᠯ ᠢ ᠪᠠᠶᠢᠴᠠᠭᠠᠨ ᠦᠵᠡᠪᠡ︔ ᠰᠢᠯᠭᠠᠨ ᠪᠠᠶᠢᠴᠠᠭᠠᠬᠤ

ᠴᠢᠳᠠᠪᠤᠷᠢ ᠶᠢᠨ ᠲᠥᠷᠥᠯ ᠵᠦᠢᠯ ᠢ ᠲᠤᠬᠠᠢ ᠶᠢᠨ ᠲᠠᠯᠠᠪᠤᠷ ᠲᠤᠨᠢ ᠲᠤᠷᠰᠢᠨ ᠬᠢᠨᠠᠨ ᠰᠢᠯᠭᠠᠵᠤ᠂ ᠭᠠᠷ ᠤᠨ ᠥᠰᠥᠭ

ᠵᠢᠷᠤᠭᠴᠢ ᠳᠤ ᠡᠷᠬᠡ ᠣᠯᠭᠤᠨ ᠬᠢᠨᠠᠨ ᠰᠢᠯᠭᠠᠪᠠ︔ ᠠᠩᠬᠠᠳᠤᠭᠠᠷ ᠤᠳᠠᠭᠠᠨ ᠤ ᠬᠤᠷᠠᠯ᠂ ᠶᠠᠷᠢᠯᠴᠠᠬᠤ ᠬᠤᠷᠠᠯ᠂

ᠡᠴᠦᠰ ᠤᠨ ᠤᠳᠠᠭᠠᠨ ᠤ ᠬᠤᠷᠠᠯ ᠢ ᠬᠤᠷᠠᠯᠳᠤᠭᠤᠯᠪᠠ᠃ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠪᠠᠷ

ᠲᠠᠮᠵᠢᠨ᠂ ᠬᠢᠨᠠᠨ ᠲᠣᠭᠲᠠᠭᠠᠬᠤ ᠳᠤᠭᠤᠶᠢᠯᠠᠩ ᠠᠴᠠ ᠬᠤᠸᠠᠳᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ

ᠴᠢᠨᠠᠷ ᠤᠨ ᠠᠶᠤᠯᠭᠦᠢ ᠶᠢ ᠰᠢᠯᠭᠠᠨ ᠪᠠᠶᠢᠴᠠᠭᠠᠨ ᠬᠡᠮᠵᠢᠬᠦ ᠦᠷᠲᠡᠭᠡ ᠨᠢ ᠪᠡᠶ᠎ᠡ ᠪᠠᠨ ᠳᠠᠭᠠᠭᠠᠵᠤ ᠭᠠᠳᠠᠭᠰᠢ ᠠᠯᠪᠠᠨ

ᠪᠢᠴᠢᠭ ᠶᠠᠪᠤᠭᠤᠯᠬᠤ ᠪᠠ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠵᠦ ᠂ ᠵᠣᠬᠢᠴᠠᠩᠭᠤᠢ ᠬᠠᠤᠯᠢ ᠶᠢᠨ

ᠬᠠᠷᠢᠭᠤᠴᠠᠯᠭ᠎ᠠ ᠡᠭᠦᠷᠭᠡᠯᠡᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ ᠭᠡᠵᠦ ᠦᠵᠡᠪᠡ᠃ ᠰᠢᠯᠭᠠᠷᠠᠭᠤᠯᠤᠯᠲᠠ ᠳᠤ

ᠤᠷᠤᠭᠰᠢᠲᠠᠢ ᠬᠢᠷᠢ ᠲᠡᠩᠴᠡᠪᠡ᠃

2.jpg

    ᠬᠤᠸᠠᠳᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ

ᠰᠢᠯᠭᠠᠬᠤ ᠥᠷᠲᠡᠭᠡᠨ ᠤ ︽ᠬᠤᠣᠰ ᠭᠡᠷᠡᠴᠢᠯᠡᠯ︾ ᠢ ᠣᠯᠣᠭᠰᠠᠨ ᠨᠢ ᠮᠠᠨ ᠤ ᠰᠢᠶᠠᠨ ᠤ ᠲᠠᠷᠢᠶᠠᠯᠠᠩ ᠤᠨ

ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠᠶᠢᠳᠠᠯ ᠢ ᠪᠠᠶᠢᠴᠠᠭᠠᠨ ᠰᠢᠯᠭᠠᠬᠤ ᠰᠢᠰᠲ᠋ᠧᠮ ᠤᠨ

ᠪᠠᠶᠢᠭᠤᠯᠤᠯᠲᠠ ᠨᠢᠭᠡᠨ ᠰᠢᠨ᠎ᠡ ᠳᠡᠭᠲᠡᠷ ᠲᠤ ᠭᠠᠷᠴᠤ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ

ᠠᠶᠤᠯᠭᠦᠢ ᠪᠠᠶᠢᠳᠠᠯ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠦᠨᠳᠦᠰᠦᠨ ᠨᠥᠬᠦᠴᠡᠯ ᠢ ᠨᠢᠭᠡᠨᠲᠡ

ᠪᠦᠷᠢᠳᠦᠭᠦᠯᠦᠭᠰᠡᠨ ᠢ ᠬᠠᠷᠠᠭᠤᠯᠵᠤ ᠪᠠᠶᠢᠨ᠎ᠠ᠂ ᠬᠤᠯᠪᠣᠭᠳᠠᠯ ᠪᠦᠬᠦᠢ ᠬᠠᠤᠯᠢ ᠴᠠᠭᠠᠵᠠ ᠪᠠ ᠪᠠᠷᠢᠮᠵᠢᠶ᠎ᠠ ᠶᠣᠰᠣᠭᠠᠷ

ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ ᠪᠣᠯᠬᠤ ᠶᠢᠨ ᠬᠠᠮᠲᠤ ᠨᠡᠶᠢᠭᠡᠮ ᠨᠡᠶᠢᠲᠡ ᠳᠤ ᠡᠷᠬᠡ ᠰᠦᠷᠲᠦ

ᠭᠡᠷᠡᠴᠢᠯᠡᠭᠰᠡᠨ ᠲᠤᠭ᠎ᠠ ᠪᠠᠷᠢᠮᠲᠠ ᠪᠠ ᠦᠷ᠎ᠡ ᠳ᠋ᠦᠩ ᠢ ᠭᠠᠷᠭᠠᠵᠤ ᠪᠣᠯᠣᠨ᠎ᠠ ︔ ᠮᠠᠨ ᠤ ᠰᠢᠶᠠᠨ ᠤ ᠠᠩᠬᠠᠨ ᠤ

ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠠᠶᠢᠳᠠᠯ ᠳᠤ ᠪᠠᠶᠢᠴᠠᠭᠠᠨ

ᠬᠡᠮᠵᠢᠯᠲᠡ ᠬᠢᠵᠦ ᠂ ᠲᠠᠷᠢᠶᠠᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ ᠲᠠᠷᠢᠶᠠᠯᠠᠩ ᠤᠨ

ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠪᠦᠲᠦᠮᠵᠢᠲᠡᠶ ᠪᠠᠷ ᠬᠤᠷᠢᠭᠯᠠᠵᠤ ᠂ ᠥᠷᠭᠡᠨ ᠤᠯᠠᠨ ᠠᠷᠠᠳ

ᠲᠦᠮᠡᠨ ᠤ ᠬᠡᠷᠡᠭᠯᠡᠭᠡᠨ ᠤ ᠠᠮᠤᠷ ᠲᠦᠪᠰᠢᠨ ᠪᠠ ᠬᠦᠮᠦᠰ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ

ᠬᠠᠮᠠᠭᠠᠯᠠᠵᠤ ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ

ᠪᠦᠲᠦᠮᠵᠢᠲᠡᠶ ᠪᠠᠷ ᠪᠠᠲᠤᠯᠠᠵᠤ ᠪᠣᠯᠣᠨ᠎ᠠ᠃

ᠵᠣᠬᠢᠶᠠᠭᠴᠢ᠄ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ

 

 

 
ᠢᠷᠡᠯᠲᠡ᠄ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2