ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠦᠨ ᠰᠢᠤᠸᠠᠢ ᠶᠠᠨ ᠮᠠᠨ ᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠤ ᠭᠦᠨᠵᠡᠭᠡᠶᠢᠷᠡᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠡ
ᠨᠡᠶᠢᠲᠡᠯᠡᠭᠰᠡᠨ ᠴᠠᠭ᠄
2024/1/15
    ᠲᠦᠷᠦᠭᠦᠬᠡᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠦᠨ ᠰᠢᠤᠸᠠᠢ ᠶᠠᠨ ᠮᠠᠨ ᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ︿ᠲᠠᠪᠤᠨ ᠥᠭᠦᠯᠡᠪᠦᠷᠢ﹀ ᠶᠢᠨ ᠪᠣᠳᠠᠲᠤ ᠬᠡᠷᠡᠭ ᠪᠠ ᠶᠣᠰᠣ ᠤᠴᠢᠷ ᠢ ᠪᠠᠲᠤ ᠴᠡᠭᠡᠵᠢᠯᠡᠬᠦ︾ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠡ᠃

1.jpg

    ᠲᠤᠰᠬᠠᠢ ᠰᠡᠳᠦᠪᠲᠦ ᠨᠠᠮ ᠤᠨ ᠬᠢᠴᠢᠶᠡᠯ ᠳᠡᠭᠡᠷ᠎ᠡ᠂ ᠶᠦᠨ ᠰᠢᠤᠸᠠᠢ ᠶᠠᠨ ︽ᠲᠠᠪᠤᠨ ᠥᠭᠦᠯᠡᠪᠦᠷᠢ︾ ᠶᠢᠨ

ᠪᠣᠳᠠᠲᠤ ᠬᠡᠷᠡᠭ ᠪᠠ ᠶᠣᠰᠣ ᠤᠴᠢᠷ ᠤᠨ ᠠᠭᠤᠯᠬᠤᠨ ᠢ ᠥᠭᠦᠯᠡᠪᠦᠷᠢ ᠳᠠᠷᠠᠭᠠᠯᠠᠨ ᠨᠠᠷᠢᠨ ᠲᠠᠶᠢᠯᠪᠤᠷᠢᠯᠠᠵᠤ᠂

ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ

ᠤᠯᠠᠨ ᠲᠦᠮᠡᠨ ᠳᠤ ᠲᠠᠯᠪᠢᠵᠤ ᠪᠠᠶᠢᠭ᠎ᠠ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠨ

ᠮᠡᠳᠡᠷᠡᠭᠦᠯᠵᠦ ᠂ ᠪᠦᠬᠦ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ︽ᠲᠠᠪᠤᠨ ᠪᠣᠳᠠᠲᠤ

ᠶᠠᠪᠤᠳᠠᠯ ᠤᠨ ᠶᠣᠰᠣ ᠤᠴᠢᠷ︾ ᠢ ᠢᠮᠠᠭᠲᠠ ᠪᠠᠲᠤ ᠴᠡᠭᠡᠵᠢᠯᠡᠭᠦᠯᠵᠦ ᠂ ᠨᠠᠮ ᠤᠨ ᠠᠴᠢ ᠲᠤᠰᠠ ᠶᠢ ᠴᠠᠭ ᠢᠮᠠᠭᠲᠠ

ᠦᠯᠦ ᠮᠠᠷᠲᠠᠵᠤ ᠂ ᠨᠠᠮ ᠤᠨ ᠦᠭᠡ ᠶᠢ ᠴᠤᠴᠠᠯᠲᠠ ᠦᠭᠡᠢ ᠰᠣᠨᠣᠰᠴᠤ ᠂ ᠡᠷᠡᠰ ᠭᠤᠶᠢᠪᠢᠰᠢ ᠦᠭᠡᠢ ᠪᠠᠷ ᠨᠠᠮ ᠢᠶᠠᠨ

ᠳᠠᠭᠠᠬᠤ ᠶᠢ ᠤᠯᠠᠮ ᠴᠢᠨᠠᠭᠰᠢᠳᠠ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠨᠠᠮ ᠤᠨ ᠬᠢᠴᠢᠶᠡᠯ ᠳᠤ ᠴᠢᠬᠤᠯᠠᠴᠢᠯᠠᠭᠰᠠᠨ ᠨᠢ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ 

ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ

ᠲᠣᠭᠤᠷᠢᠨ ᠳᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ

ᠭᠤᠣᠯ ᠰᠢᠵᠢᠮ ᠪᠣᠯᠭᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠦᠨᠳᠦᠰᠦᠲᠡᠨ ᠤ ᠪᠦᠯᠬᠦᠮᠳᠡᠯ

ᠲᠠᠪᠰᠢᠯᠳᠠ ᠶᠢᠨ ᠠᠵᠢᠯ ᠢ ᠠᠭᠤᠰᠤᠯᠴᠠᠭᠤᠯᠤᠨ ᠬᠥᠭᠵᠢᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ

ᠨᠡᠶᠢᠭᠡᠮ ᠤᠨ ᠪᠠᠲᠤᠯᠠᠪᠤᠷᠢ ᠶᠢᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠦᠬᠦ ᠲᠠᠯ᠎ᠠ ᠪᠠᠷ ᠂ ᠤᠯᠠᠨ

ᠲᠠᠯ᠎ᠠ ᠠᠴᠠ ᠥᠷᠨᠢᠭᠦᠯᠵᠦ ᠂ ᠰᠡᠷᠭᠡᠶᠢᠯᠡᠨ ᠵᠠᠰᠠᠬᠤ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ

ᠪᠠᠷᠢᠮᠲᠠᠯᠠᠵᠤ ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ ᠂ ᠦᠨᠳᠦᠰᠦᠲᠡᠨ ᠤ

ᠪᠦᠯᠬᠦᠮᠳᠡᠯ ᠲᠠᠪᠰᠢᠯᠳᠠ ᠶᠢᠨ ᠢᠳᠡᠪᠬᠢ ᠬᠦᠴᠦᠨ ᠢ ᠤᠯᠠᠮᠵᠢᠯᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ

ᠫᠢᠩ ᠤᠨ ᠱᠠᠭᠠᠷᠳᠠᠯᠭ᠎ᠠ ᠶᠣᠰᠣᠭᠠᠷ ᠂ ᠥᠪᠥᠷ ᠮᠣᠩᠭᠤᠯ ᠳᠤ ᠲᠤᠰᠢᠶᠠᠭᠰᠠᠨ︽ᠬᠤᠶᠠᠷ ᠶᠡᠭᠡ ᠶᠠᠪᠤᠳᠠᠯ︾ ᠢ ᠰᠠᠶᠢᠲᠤᠷ

ᠬᠢᠵᠦ᠂ ᠪᠣᠳᠠᠲᠠᠢ ᠪᠠᠷ ᠬᠢᠵᠦ ᠂ ᠬᠤᠸᠠᠳᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ 

ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ

ᠬᠡᠷᠡᠭᠲᠡᠢ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2