ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠡ
ᠨᠡᠶᠢᠲᠡᠯᠡᠭᠰᠡᠨ ᠴᠠᠭ᠄
2024/1/17
    ᠨᠢᠳᠤᠨᠤᠨ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠭᠠᠵᠠᠷ ᠰᠢᠷᠣᠢ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠴᠠᠭᠠᠵᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠴᠢ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ ᠡᠵᠡᠯᠡᠨ ᠬᠡᠷᠡᠭᠯᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠵᠤ᠂ ᠰᠢᠶᠠᠨ ᠤ ᠲᠧᠯᠸᠢᠰ ᠬᠤᠷᠢᠶ᠎ᠠ᠂ ᠰᠣᠨᠢᠨ ᠤ ᠬᠤᠷᠢᠶ᠎ᠠ᠂ ᠰᠦᠯᠵᠢᠶᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ︽4.22︾ ᠤᠨ ᠳᠡᠯᠡᠬᠡᠢ ᠶᠢᠨ ᠪᠥᠮᠪᠥᠷᠴᠡᠭ ᠤᠨ ᠡᠳᠦᠷ᠂ ︽6.25︾ ᠤ ᠭᠠᠵᠠᠷ ᠰᠢᠷᠣᠢ ᠶᠢᠨ ᠡᠳᠦᠷ᠂ ︽12.4︾ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠳᠦᠷ ᠵᠡᠷᠭᠡ ᠠᠵᠢᠯᠯᠠᠭ᠎ᠠ ᠪᠠᠷ ᠠᠵᠠ ᠲᠣᠬᠢᠶᠠᠯ ᠢ ᠴᠢᠩᠭ᠎ᠠ ᠠᠳᠬᠤᠵᠤ ᠂ ᠬᠠᠤᠯᠢ ᠴᠠᠭᠠᠵᠠ ᠶᠢ ᠬᠥᠳᠡᠭᠡ ᠪᠠᠭᠤᠯᠭᠠᠬᠤ᠂ ᠮᠡᠳᠡᠯᠭᠡ ᠶᠢᠨ ᠤᠷᠤᠯᠳᠤᠭᠠᠨ ᠶᠠᠪᠤᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠲᠠᠷᠢᠶᠠᠨ ᠭᠠᠵᠠᠷ ᠢ ᠬᠠᠮᠠᠭᠠᠯᠠᠬᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ ᠶᠢ ᠳᠤᠷ᠎ᠠ ᠪᠠᠷ ᠢᠶᠠᠨ ᠡᠵᠡᠯᠡᠬᠦ ᠶᠠᠪᠤᠳᠠᠯ ᠳᠤ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠥᠷᠭᠡᠨ ᠭᠦᠨᠵᠡᠭᠡᠢ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠠᠯᠠᠭᠤᠨ ᠴᠡᠭ ᠤᠨ ᠮᠥᠷᠳᠡᠯᠲᠡ ᠵᠡᠷᠭᠡ ᠶᠢ ᠥᠷᠨᠢᠭᠦᠯᠵᠦ᠂ ᠥᠷᠭᠡᠨ ᠣᠯᠠᠨ ᠲᠦᠮᠡᠨ ᠳᠤ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠶᠢᠨ ᠴᠢᠬᠤᠯᠠ ᠴᠢᠨᠠᠷ ᠵᠢᠴᠢ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠢ ᠶᠢ ᠡᠵᠡᠯᠡᠨ ᠬᠡᠷᠡᠭᠯᠡᠬᠦ ᠶᠢᠨ ᠬᠤᠣᠷ ᠬᠥᠨᠥᠭᠡᠯᠳᠦ ᠴᠢᠨᠠᠷ ᠢ ᠭᠦᠢᠴᠡᠳ ᠲᠠᠨᠢᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠮᠠᠰᠢ ᠢᠯᠡᠷᠬᠡᠢ ᠪᠣᠯᠭᠠᠵᠠᠢ᠃    ᠪᠠᠶᠢᠭᠠᠯᠢ ᠶᠢᠨ ᠡᠬᠢ ᠪᠠᠶᠠᠯᠢᠭ ᠤᠨ ᠤᠬᠠᠭᠤᠯᠭ᠎ᠠ ᠶᠢ ᠪᠠᠶᠢᠩᠭᠤᠵᠢᠭᠤᠯᠬᠤ ᠶᠢᠨ ᠲᠥᠯᠥᠭᠡ᠂ ᠲᠣᠰ ᠲᠣᠪᠴᠢᠶ᠎ᠠ ᠠᠴᠠ ︽ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠳᠦᠷᠢᠮ︾ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠪᠥᠬᠦ ᠲᠠᠯ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠬᠡᠪᠴᠢᠶᠡᠨ ᠳᠤ ᠣᠷᠣᠭᠤᠯᠵᠤ᠂ ᠲᠤᠰᠬᠠᠢ ᠰᠡᠳᠦᠪ ᠢᠶᠠᠷ ᠶᠠᠷᠢᠯᠴᠠᠬᠤ᠂ ᠬᠤᠷᠠᠯ ᠢᠶᠠᠷ ᠪᠣᠯᠪᠠᠰᠤᠷᠠᠯ ᠢ ᠣᠷᠣᠯᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠰᠢᠶᠠᠩ ᠪᠠᠯᠭᠠᠰᠤ ᠲᠣᠰᠬᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠲᠣᠰᠬᠤᠨ ᠤ ᠺᠠᠳ᠋ᠷᠴᠤᠳ ᠤᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠤᠬᠠᠮᠰᠠᠷ ᠪᠠ ᠬᠠᠤᠯᠢ ᠲᠣᠭᠲᠠᠭᠠᠯ ᠢ ᠵᠥᠷᠢᠴᠡᠨ ᠭᠠᠵᠠᠷ ᠰᠢᠷᠣᠢ ᠶᠢ ᠡᠵᠡᠯᠡᠨ ᠬᠡᠷᠡᠭᠯᠡᠬᠦ ᠶᠢᠨ ᠬᠤᠣᠷ ᠬᠥᠨᠥᠭᠡᠯᠳᠦ ᠴᠢᠨᠠᠷ ᠢ ᠴᠢᠩᠭᠠᠳᠬᠠᠪᠠ᠃    2023 ᠣᠨ ᠤ 1-12 ᠰᠠᠷ᠎ᠠ ᠳᠤ ᠰᠢᠶᠠᠩ ᠲᠣᠰᠬᠤᠨ ᠤ ᠺᠠᠳ᠋ᠷᠴᠤᠳ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠮᠡᠳᠡᠯᠭᠡ ᠶᠢᠨ ᠪᠣᠯᠪᠠᠰᠤᠷᠠᠭᠤᠯᠤᠯ ᠢ 10 ᠬᠤᠭᠤᠴᠠᠭ᠎ᠠ ᠡᠷᠭᠢᠯᠡᠵᠦ᠂ 180 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ ᠤᠬᠠᠭᠤᠯᠬᠤ ᠮᠠᠲ᠋ᠧᠷᠢᠶᠠᠯ ᠢ 18000 ᠭᠠᠷᠤᠢ ᠬᠤᠪᠢ ᠳᠠᠷᠤᠮᠠᠯᠯᠠᠨ ᠲᠠᠷᠬᠠᠭᠠᠵᠤ᠂ ᠥᠷᠭᠡᠨ ᠣᠯᠠᠨ ᠲᠦᠮᠡᠨ ᠪᠠ ᠦᠨᠳᠦᠰᠦᠨ ᠱᠠᠲᠤᠨ ᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ᠂ ᠢᠯᠠᠩᠭᠤᠶ᠎ᠠ ᠲᠠᠷᠢᠶᠠᠨ ᠭᠠᠵᠠᠷ ᠢ ᠬᠠᠮᠠᠭᠠᠯᠠᠬᠤ ᠪᠠ ᠬᠠᠤᠯᠢ ᠲᠣᠭᠲᠠᠭᠠᠯ ᠢ ᠵᠥᠷᠢᠴᠡᠨ ᠭᠠᠵᠠᠷ ᠰᠢᠷᠣᠢ ᠶᠢ ᠡᠵᠡᠯᠡᠨ ᠬᠡᠷᠡᠭᠯᠡᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠶᠣᠰᠣᠭᠠᠷ ᠭᠠᠵᠠᠷ ᠬᠡᠷᠡᠭᠯᠡᠬᠦ ᠬᠠᠤᠯᠢ ᠶᠣᠰᠣᠭᠠᠷ ᠬᠠᠮᠢᠶᠠᠷᠬᠤ ᠠᠵᠢᠯ ᠤᠨ ᠤᠬᠠᠮᠰᠠᠷ ᠢ ᠴᠢᠩᠭᠠᠳᠬᠠᠪᠠ᠃   ᠵᠣᠬᠢᠶᠠᠭᠴᠢ᠄ ᠯᠠᠨ ᠢᠦᠢ ᠱᠠᠨ   ᠣᠷᠴᠢᠭᠤᠯᠤᠭᠴᠢ᠄ ᠣᠳᠣᠨᠭᠡᠷᠡᠯ   ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ    
 
ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2