ᠮᠠᠨ ᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠲᠤᠰᠬᠠᠢ ᠰᠡᠳᠦᠪ ᠢᠶᠠᠷ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ ᠶᠢ ᠰᠤᠷᠤᠯᠴᠠᠪᠡ
ᠨᠡᠶᠢᠲᠡᠯᠡᠭᠰᠡᠨ ᠴᠠᠭ᠄
2024/1/2
    1 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ︽ᠰᠢ  ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ ᠶᠢ ᠲᠤᠰᠬᠠᠢ ᠰᠡᠳᠦᠪ ᠢᠶᠠᠷ ᠰᠤᠷᠤᠯᠴᠠᠭᠤᠯᠵᠤ᠂ ᠬᠤᠤ ᠱᠦ ᠹᠧᠨ ᠨᠥᠬᠦᠷ ᠳᠠᠭᠠᠭᠤᠯᠤᠨ ᠰᠤᠷᠤᠯᠴᠠᠵᠤ᠂ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃

20.jpg

 

    ᠬᠤᠷᠠᠯ ᠠᠴᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ

ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠰᠢᠨ᠎ᠡ ᠴᠠᠭ

ᠦᠶ᠎ᠡ ᠳᠤ ᠠᠭᠤᠤ ᠶᠡᠭᠡ ᠲᠡᠮᠡᠴᠡᠯ ᠬᠢᠵᠦ᠂ ᠠᠭᠤᠤ ᠶᠡᠭᠡ ᠬᠤᠪᠢᠰᠤᠯᠲᠠ ᠶᠢ ᠪᠡᠶᠡᠯᠡᠭᠦᠯᠬᠦ ᠶᠠᠪᠤᠴᠠ ᠳᠤ

ᠭᠤᠣᠯᠳᠠᠯᠭ᠎ᠠ ᠲᠠᠢ ᠭᠦᠨᠵᠡᠭᠡᠢ ᠰᠤᠷᠤᠯᠴᠠᠨ ᠣᠶᠢᠯᠠᠭᠠᠵᠤ᠂ ᠮᠠᠷᠺᠰ ᠤᠨ ᠦᠵᠡᠯ ᠤᠨ ᠭᠤᠣᠯ ᠦᠨᠳᠦᠰᠦᠯᠡᠯ ᠢ

ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ

ᠰᠣᠶᠣᠯ ᠲᠠᠢ ᠤᠶᠠᠯᠳᠤᠭᠤᠯᠬᠤ ᠶᠢ ᠠᠬᠢᠭᠤᠯᠬᠤ ᠶᠠᠪᠤᠴᠠ ᠳᠤ ᠣᠯᠣᠭᠰᠠᠨ ᠴᠢᠬᠤᠯᠠ ᠶᠡᠭᠡ ᠤᠨᠤᠯ ᠤᠨ ᠰᠢᠨ᠎ᠡ

ᠡᠭᠦᠳᠦᠯᠲᠡ ᠶᠢᠨ ᠦᠷ᠎ᠡ ᠪᠦᠲᠦᠭᠡᠯ ᠢ ᠭᠤᠣᠯᠳᠠᠯᠠᠭ᠎ᠠ ᠲᠠᠢ ᠭᠦᠨᠵᠡᠭᠡᠢ ᠰᠤᠷᠤᠯᠴᠡᠪᠡ᠃

    ᠲᠤᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠲᠤᠰ ᠲᠣᠪᠴᠢᠶ᠎ᠠ ᠶᠢᠨ ᠪᠦᠬᠦ ᠨᠠᠮ ᠤᠨ ᠭᠡᠰᠢᠭᠦᠨ

ᠺᠠᠳ᠋ᠷᠴᠤᠳ ᠬᠤᠵᠢᠮ  ᠤᠨ ᠠᠵᠢᠯ ᠤᠨ ᠳᠤᠮᠳᠠ ᠪᠠᠨ ᠮᠡᠳᠡᠬᠦᠢ ᠬᠢᠬᠦᠢ ᠪᠠᠨ ᠨᠢᠭᠡᠳᠬᠡᠵᠦ᠂ ᠰᠣᠷᠣᠭᠰᠠᠨ ᠢᠶᠠᠨ

ᠬᠡᠷᠡᠭᠯᠡᠵᠦ᠂ ᠬᠦᠴᠦᠨ ᠴᠢᠳᠠᠯ ᠰᠢᠩᠭᠡᠬᠡᠨ ᠠᠪᠴᠤ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂

ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠠᠵᠢᠯ ᠬᠢᠵᠦ ᠦᠢᠯᠡᠰ ᠪᠦᠲᠦᠭᠡᠬᠦ ᠪᠣᠳᠠᠲᠤ ᠴᠢᠳᠠᠪᠤᠷᠢ

ᠪᠣᠯᠭᠠᠨ ᠬᠤᠪᠢᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠡᠷᠡᠰ ᠪᠠᠲᠤ ᠬᠦᠰᠡᠯᠡᠩ᠂ ᠨᠠᠮᠴᠢ ᠴᠢᠨᠠᠷ ᠢᠶᠠᠨ

ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢᠶᠠᠨ ᠲᠦᠯᠬᠢᠨ ᠠᠬᠢᠭᠤᠯᠬᠤ ᠬᠦᠴᠦᠷᠬᠡᠭ

ᠶᠡᠭᠡ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠡᠳ᠋ ᠤᠨ ᠵᠠᠰᠠᠭ ᠤᠨ ᠦᠢᠯᠡᠰ ᠲᠤ ᠨᠡᠩ ᠶᠡᠭᠡ ᠰᠢᠨ᠎ᠡ

ᠬᠤᠪᠢ ᠨᠡᠮᠡᠷᠢ ᠦᠵᠡᠭᠦᠯᠦᠨ᠎ᠡ᠃

   ᠵᠣᠬᠢᠶᠠᠭᠴᠢ᠄ ᠯᠢ ᠪᠢᠩ ᠵᠢᠶᠧ

   ᠣᠷᠴᠢᠭᠤᠯᠤᠭᠴᠢ᠄ ᠣᠳᠣᠨᠭᠡᠷᠡᠯ

   ᠢᠷᠡᠯᠲᠡ᠄ ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ

 

 

 
ᠢᠷᠡᠯᠲᠡ᠄ ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2