ᠮᠠᠨ ᠤ ᠰᠢᠶᠠᠨ ᠤ ᠳᠣᠯᠣᠳᠤᠭᠠᠷ ᠪᠠᠯᠭᠠᠰᠤ 2023 ᠣᠨ ᠤ ᠲᠤᠰᠬᠠᠢ ᠰᠡᠳᠦᠪᠲᠦ ᠬᠠᠤᠯᠢ ᠶᠢᠨ ᠲᠣᠭᠠᠴᠢᠯᠲᠠ ᠶᠢᠨ ᠠᠵᠢᠯ ᠤᠨ ᠦᠨᠡᠯᠡᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/3
    ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ‌‍ᠲ᠋ᠤᠭᠤᠰᠢᠯᠠᠭᠤᠯᠵᠤ ᠂ ᠦᠨᠳᠦᠰᠦᠨ ᠱᠠᠲᠤᠨ ᠤ ᠬᠠᠤᠯᠢᠵᠢᠯ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠶᠢᠨ ᠲᠥᠯᠥᠭᠡ᠂ 1 ᠰᠠᠷ᠎ᠠ ᠶᠢᠨ 3 ᠤ ᠡᠳᠦᠷ᠂ ᠮᠠᠨ ᠤ ᠰᠢᠶᠠᠨ ᠤ ᠳᠣᠯᠣᠳᠤᠭᠠᠷ ᠪᠠᠯᠭᠠᠰᠤ 2023 ᠣᠨ ᠤ ᠲᠤᠰᠬᠠᠢ ᠰᠡᠳᠦᠪᠲᠦ ᠬᠠᠤᠯᠢ ᠶᠢᠨ ᠲᠣᠭᠠᠴᠢᠯᠲᠠ ᠶᠢᠨ ᠠᠵᠢᠯ ᠤᠨ ᠦᠨᠡᠯᠡᠨ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠦᠸᠧ ᠫᠧᠩ ᠶᠢᠩ ᠬᠤᠷᠠᠯ ᠢ ᠡᠷᠬᠢᠯᠡᠪᠡ᠃

10.jpg

    ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ

ᠲᠤᠬᠠᠢ ᠴᠢᠬᠤᠯᠠ ᠥᠭᠦᠯᠡᠯᠲᠡ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ

ᠰᠢᠶᠠᠨ ᠢᠶᠠᠨ ᠵᠠᠰᠠᠬᠤ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠠᠯᠭᠠᠰᠤᠨ ᠤ

ᠲᠣᠮᠢᠯᠠᠭᠰᠠᠨ ᠰᠠᠯᠪᠤᠷᠢ᠂ ᠬᠠᠤᠯᠢ ᠪᠠᠷᠢᠬᠤ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ

ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ

ᠣᠨ ᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ 

ᠲᠤᠭᠤᠰᠢᠯᠠᠭᠤᠯᠤᠭᠰᠠᠨ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ

ᠵᠡᠷᠭᠡ ᠪᠠᠶᠢᠳᠠᠯ ᠤᠨ ᠲᠤᠬᠠᠢ ᠲᠤᠬᠠᠢ ᠶᠢᠨ ᠲᠠᠯᠠᠪᠤᠷ ᠲᠤ ᠬᠠᠤᠯᠢ ᠶᠢᠨ ᠲᠣᠭᠠᠴᠢᠯᠲᠠ ᠬᠢᠪᠡ᠃ ᠭᠦᠸᠧ ᠫᠧᠩ ᠶᠢᠩ

ᠠᠵᠢᠯ ᠤᠨ ᠭᠢᠯᠠᠰ ᠴᠡᠭ ᠪᠣᠯᠣᠨ ᠬᠦᠷᠦᠯᠴᠡᠬᠦ ᠦᠭᠡᠢ ᠲᠠᠯ᠎ᠠ ᠶᠢ ᠦᠨᠡᠯᠡᠬᠦ ᠶᠢᠨ ᠬᠠᠮᠲᠤ ᠠᠵᠢᠯ ᠤᠨ ᠱᠠᠭᠠᠷᠳᠠᠯᠭ᠎ᠠ

ᠳᠤᠷᠠᠳᠴᠠᠢ ᠃

11.jpg

    ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠶᠢ ᠲᠣᠭᠠᠴᠢᠨ ᠦᠨᠡᠯᠡᠬᠦ ᠪᠣᠯ ᠤᠳᠤᠷᠢᠳᠬᠤ ᠺᠠᠳ᠋ᠷᠴᠤᠳ ᠤᠨ

ᠬᠠᠤᠯᠢ ᠪᠠᠷ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠪᠠᠰᠠ ᠴᠤ

ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠢᠯᠡᠷᠡᠭᠦᠯᠬᠦ ᠴᠢᠬᠤᠯᠠ ᠭᠠᠷᠳᠠᠴᠠ ᠮᠥᠨ᠃

ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠠᠤᠯᠢ ᠴᠠᠭᠠᠵᠠ ᠶᠢᠨ ᠲᠣᠭᠠᠴᠢᠯᠲᠠ ᠶᠢᠨ ᠠᠵᠢᠯ ᠤᠨ ᠴᠢᠬᠤᠯᠠ ᠴᠢᠨᠠᠷ ᠢ

ᠰᠡᠷᠭᠡᠭ ᠢᠶᠠᠷ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠭᠤᠣᠯᠳᠠᠯᠭ᠎ᠠ ᠪᠠᠨ

ᠲᠣᠳᠣᠷᠬᠠᠶᠢᠯᠠᠵᠤ᠂ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ

ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠰᠢ ᠶᠢᠨ ᠫᠢᠩ ᠤᠨ ᠬᠠᠤᠯᠢᠵᠢᠯ  ᠤᠨ ᠦᠵᠡᠯ ᠰᠠᠨᠠᠭ᠎ᠠ ᠶᠢ

ᠭᠦᠨᠵᠡᠭᠡᠢ ᠰᠤᠷᠤᠯᠴᠠᠨ‌‍ᠲ᠋ᠤᠭᠤᠰᠢᠯᠠᠭᠤᠯᠵᠤ ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠪᠣᠳᠠᠲᠠᠢ

ᠠᠵᠢᠯ  ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠰᠤᠷᠬᠤ ᠬᠡᠷᠡᠭᠲᠡᠢ᠃

︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠤᠯᠢᠵᠢᠯ ᠢ ᠬᠦᠨᠳᠦᠳᠬᠡᠵᠦ᠂

ᠬᠠᠤᠯᠢ ᠴᠠᠭᠠᠵᠠ ᠶᠢ ᠪᠢᠰᠢᠷᠡᠵᠦ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠴᠢᠳᠠᠪᠤᠷᠢ ᠶᠢ ᠬᠦᠴᠦᠯᠡᠨ

ᠴᠢᠩᠭᠠᠳᠬᠠᠬᠤ ᠬᠡᠷᠡᠭᠲᠡᠢ᠃ ᠬᠠᠤᠯᠢ ᠶᠢᠨ ᠲᠣᠭᠠᠴᠢᠯᠲᠠ ᠶᠢ ᠬᠢᠨᠠᠨ ᠰᠢᠯᠭᠠᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ

ᠠᠬᠢᠭᠤᠯᠵᠤ᠂ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ

ᠨᠠᠶᠢᠳᠠᠪᠤᠷᠢᠵᠢᠭᠤᠯᠵᠤ᠂ ᠬᠠᠤᠯᠢ ᠶᠢᠨ ᠲᠣᠭᠠᠴᠢᠯᠲᠠ ᠶᠢ ᠪᠦᠬᠦ ᠲᠠᠯ᠎ᠠ ᠪᠠᠷ ᠬᠠᠤᠯᠢ ᠪᠠᠷ ᠪᠠᠯᠭᠠᠰᠤ ᠶᠢ ᠵᠠᠰᠠᠬᠤ ᠶᠢ

ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃

    ᠲᠠᠷᠠᠭᠠᠴᠢ ᠶᠢᠨ ᠠᠯᠬᠤᠮ ᠳᠤ᠂ ᠳᠣᠯᠣᠳᠤᠭᠠᠷ ᠪᠠᠯᠭᠠᠰᠤ ᠦᠷᠭᠦᠯᠵᠢᠯᠡᠨ ᠰᠢ ᠶᠢᠨ ᠫᠢᠩ ᠤᠨ ᠬᠠᠤᠯᠢᠵᠢᠯ ᠤᠨ

ᠦᠵᠡᠯ ᠰᠠᠨᠠᠭ᠎ᠠ ᠪᠠᠷ ᠬᠥᠲᠥᠯᠥᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠶᠠᠮᠤᠨ ᠤ

ᠠᠬᠢᠭᠤᠯᠬᠤ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠤᠯᠢᠵᠢᠯ ᠤᠨ

ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠪᠠ ᠦᠢᠯᠡᠳᠦᠯᠭᠡ ᠶᠢ ᠲᠠᠰᠤᠷᠠᠯᠳᠡ

ᠦᠭᠡᠢ ᠪᠠᠶᠠᠯᠢᠭᠵᠢᠭᠤᠯᠵᠤ᠂ ᠬᠠᠤᠯᠢᠵᠢᠯ ᠤᠨ ᠳᠣᠯᠣᠳᠤᠭᠠᠷ ᠪᠠᠯᠭᠠᠰᠤ ᠶᠢᠨ ᠪᠠᠶᠢᠭᠤᠯᠤᠯᠲᠠ ᠶᠢ ᠲᠣᠭᠲᠠᠭᠤᠨ ᠢᠶᠠᠷ

ᠠᠬᠢᠭᠤᠯᠵᠤ᠂ ᠬᠠᠤᠯᠢ ᠪᠠᠷ ᠪᠠᠯᠭᠠᠰᠤ ᠶᠢ ᠵᠠᠰᠠᠬᠤ ᠠᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 

 

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2