ᠮᠠᠨ ᠤ ᠰᠢᠶᠠᠨ ᠤ ᠴᠠᠩᠱᠦ᠋ᠨ‌‍ᠪᠠᠯᠭᠠᠰᠤᠨ ᠤ ᠾᠦᠢ ᠮᠢᠨ ᠨᠡᠶᠢᠭᠡᠮ ᠲᠣᠭᠤᠷᠢᠭ ᠤᠨ︽ᠬᠠᠮᠤᠭ ᠤᠨ ᠭᠤᠶᠤ ᠦᠷᠲᠡᠭᠡ︾ ᠶᠢᠨ ︽ᠰᠢᠨ᠎ᠡ ᠵᠢᠯ ᠢ ᠪᠠᠶᠠᠷᠯᠠᠨ ᠪᠡᠯᠭᠡᠯᠡᠬᠦ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/3
    1 ᠰᠠᠷ᠎ᠠ ᠶᠢᠨ 1 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠾᠦᠢ ᠮᠢᠨ ᠨᠡᠶᠢᠭᠡᠮ ᠲᠣᠭᠤᠷᠢᠭ ᠬᠠᠮᠲᠤᠷᠠᠨ ︽ᠰᠢᠨ᠎ᠡ ᠵᠢᠯ ᠢ ᠪᠠᠶᠠᠷᠯᠠᠨ ᠪᠡᠯᠭᠡᠯᠡᠬᠦ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠠᠮᠲᠤᠷᠠᠭᠰᠠᠨ ᠨᠠᠶᠢᠷ ᠡᠷᠭᠢᠯᠡᠪᠡ᠃

1.jpg

    ᠬᠤᠷᠠᠯ ᠳᠡᠭᠡᠷ᠎ᠡ᠂ ᠨᠢᠭᠡ ᠵᠢᠯ ᠤᠨ ᠲᠤᠷᠰᠢᠬᠢ ᠬᠠᠮᠤᠭ ᠤᠨ ᠭᠤᠶᠤ ᠥᠷᠲᠡᠭᠡᠨ ᠤ ᠠᠵᠢᠯ ᠤᠨ ᠦᠷ᠎ᠡ

ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ

ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ

ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠰ ᠲᠤ ᠢᠳᠡᠪᠬᠢᠲᠡᠢ

ᠣᠷᠣᠯᠴᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠹᠷᠣᠨᠲ ᠲᠤ ᠳᠠᠬᠢᠨᠲᠠ ᠴᠤᠭ ᠵᠢᠪᠬᠤᠭ᠎ᠠ ᠪᠠᠨ

ᠪᠠᠳᠠᠷᠠᠭᠤᠯᠵᠤ᠂ ᠳᠠᠬᠢᠨᠲᠠ ᠰᠢᠯᠢᠳᠡᠭ ᠠᠮᠵᠢᠯᠲᠠ ᠭᠠᠷᠭᠠᠬᠤ ᠶᠢ ᠬᠦᠰᠡᠪᠡ᠃ ᠨᠡᠶᠢᠭᠡᠮ ᠲᠣᠭᠤᠷᠢᠭ ᠤᠨ ᠤᠷᠠᠨ

ᠰᠠᠶᠢᠬᠠᠨ ᠤ ᠪᠦᠯᠬᠦᠮ ᠤᠨ ᠬᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠲᠤ ᠡᠯᠪᠡᠭ ᠪᠠᠶᠠᠯᠢᠭ

ᠤᠯᠠᠨ ᠶᠠᠩᠵᠤ ᠶᠢᠨ ᠳᠠᠭᠤᠤ ᠪᠥᠵᠢᠭ ᠤᠨ ᠲᠣᠭᠯᠠᠯᠲᠠ ᠶᠢ ᠨᠠᠷᠢᠨ ᠨᠢᠮᠪᠠᠢ ᠪᠡᠯᠡᠳᠬᠡᠵᠦ᠂ ᠲᠤᠬᠠᠢ ᠶᠢᠨ ᠲᠠᠯᠠᠪᠠᠢ ᠶᠢᠨ

ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃

2.jpg

    ᠨᠠᠶᠢᠷ ᠨᠠᠭᠠᠳᠤᠮ ᠤᠷᠠᠨ ᠰᠠᠶᠢᠬᠠᠨ ᠤ ᠲᠣᠭᠯᠠᠯᠲᠠ ᠶᠢᠨ ᠳᠠᠷᠠᠭ᠎ᠠ᠂ ᠲᠤᠬᠠᠢ ᠶᠢᠨ ᠲᠠᠯᠠᠪᠠᠶ ᠶᠢᠨ ᠲᠣᠭᠯᠠᠭᠠᠮ ᠨᠢ

ᠨᠠᠶᠢᠷ ᠨᠠᠭᠠᠳᠤᠮ ᠢ ᠪᠠᠰᠠ ᠨᠢᠭᠡᠨ ᠥᠷᠨᠢᠯᠲᠡ ᠳᠤ ᠬᠦᠷᠭᠡᠵᠦ᠂ ︽ᠴᠠᠭᠠᠷᠢᠭ ᠰᠢᠳᠡᠬᠦ ︾ ︽ᠰᠢᠲᠠᠷ᠎ᠠ ᠲᠠᠯᠪᠢᠬᠤ

ᠤᠷᠤᠯᠳᠤᠭᠠᠨ︾ ︽ᠱᠠᠩᠨᠠᠯ ᠰᠤᠭᠤᠯᠬᠤ︾ ᠵᠡᠷᠭᠡ ᠲᠣᠭᠯᠠᠭᠠᠮ ᠨᠢ ᠬᠥᠷ ᠭᠦᠭᠵᠢᠶᠡᠨ ᠲᠠᠢ ᠶᠠᠪᠤᠭᠳᠠᠯ᠎ᠠ᠃

3.jpg

    ᠳᠠᠷᠠᠭ᠎ᠠ ᠪᠠᠷ ᠨᠢ ᠠᠵᠢᠯᠲᠠᠳ ᠠᠴᠠ ᠰᠡᠳᠬᠢᠯ ᠳᠤᠯᠠᠭᠠᠴᠠᠭᠤᠯᠬᠤ ᠪᠠᠩᠰᠢ ᠶᠢ ᠣᠷᠴᠢᠨ ᠲᠣᠭᠤᠷᠢᠨ ᠤ ᠠᠷᠢᠭᠤᠨ

ᠴᠡᠪᠡᠷ ᠤᠨ ᠠᠵᠢᠯᠴᠢᠳ ᠲᠤ ᠬᠦᠷᠭᠡᠵᠦ᠂ ᠲᠡᠳᠡᠨ ᠤ ᠬᠠᠬᠢᠷ ᠬᠦᠢᠲᠡᠨ ᠢ ᠬᠠᠶᠢᠬᠤᠷᠤᠯ ᠦᠭᠡᠢ ᠴᠢᠷᠮᠠᠶᠢᠨ

ᠠᠵᠢᠯᠯᠠᠳᠠᠭ ᠲᠤ ᠲᠠᠯᠠᠷᠬᠠᠬᠤ ᠶᠢᠨ ᠬᠠᠮᠲᠤ᠂ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠥᠷᠲᠡᠭᠡ ᠪᠣᠯ

ᠬᠡᠵᠢᠶᠡᠳᠡ ᠲᠡᠳᠡᠨ ᠤ ᠠᠮᠠᠷᠠᠬᠤ᠂ ᠳᠤᠯᠠᠭᠠᠯᠠᠬᠤ ᠬᠠᠯᠠᠭᠤᠨ ᠳᠤᠯᠠᠭᠠᠨ ᠭᠡᠷ ᠮᠥᠨ ᠭᠡᠵᠦ ᠲᠡᠳᠡᠨ ᠳᠤ ᠵᠠᠬᠢᠭᠰᠠᠨ

ᠪᠠᠶᠢᠨ᠎ᠠ᠃

4.jpg

    ᠡᠨᠡ ᠤᠳᠠᠭ᠎ᠠ ᠶᠢᠨ ᠠᠵᠢᠯᠯᠠᠭ᠎ᠠ ᠳᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ

ᠬᠥᠭᠵᠢᠭᠦᠯᠦᠨ ᠮᠠᠨᠳᠤᠭᠤᠯᠵᠤ᠂ ᠭᠡᠷ ᠤᠨ ᠭᠠᠳᠠᠨ᠎ᠠ ᠠᠵᠢᠯᠯᠠᠳᠠᠭ ᠠᠵᠢᠯᠲᠠᠳ ᠲᠤ ᠥᠷᠲᠡᠭᠡᠨ ᠤ ᠬᠠᠶᠢᠷ᠎ᠠ

ᠬᠠᠯᠠᠮᠵᠢ ᠶᠢ ᠬᠦᠷᠲᠡᠭᠡᠵᠦ᠂ ᠵᠣᠯ ᠵᠢᠷᠭᠠᠯ ᠢ ᠬᠤᠪᠢᠶᠠᠯᠴᠠᠨ ᠡᠳ᠋ᠯᠡᠭᠦᠯᠵᠦ᠂ ᠬᠠᠶᠢᠷ᠎ᠠ ᠬᠠᠯᠠᠮᠵᠢ ᠶᠢᠨ ᠥᠷᠲᠡᠭᠡ ᠶᠢ

ᠠᠵᠢᠯᠴᠢᠨ ᠤ ᠡᠪᠯᠡᠯ ᠤᠨ ︽ᠰᠡᠳᠬᠢᠯ ᠲᠠᠯᠪᠢᠨ ᠦᠢᠯᠡᠴᠢᠯᠡᠬᠦ᠂ ᠴᠠᠭ ᠢᠮᠠᠭᠲᠠ ᠦᠢᠯᠡᠴᠢᠯᠡᠬᠦ᠂ ᠪᠥᠬᠦ ᠲᠠᠯ᠎ᠠ ᠪᠠᠷ

ᠦᠢᠯᠡᠴᠢᠯᠡᠬᠦ︾ ᠭᠤᠣᠯ ᠥᠷᠲᠡᠭᠡ ᠪᠣᠯᠭᠠᠵᠤ᠂ ᠬᠠᠶᠢᠷ᠎ᠠ ᠬᠠᠯᠠᠮᠵᠢ ᠶᠢᠨ ᠥᠷᠲᠡᠭᠡ ᠶᠢ ᠭᠡᠷ ᠤᠨ ᠭᠠᠳᠠᠨ᠎ᠠ

ᠠᠵᠢᠯᠯᠠᠳᠠᠭ ᠠᠵᠢᠯᠲᠠᠳ ᠤᠨ ᠠᠮᠠᠷᠠᠬᠤ ᠭᠠᠵᠠᠷ ᠪᠠ ᠰᠡᠳᠬᠢᠯ ᠲᠠᠯᠪᠢᠬᠤ ᠭᠠᠵᠠᠷ ᠪᠣᠯᠭᠠᠨ ᠪᠠᠶᠢᠭᠤᠯᠬᠤ ᠪᠠᠷ

ᠴᠢᠷᠮᠠᠶᠢᠵᠤ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠬᠥᠭᠦᠷᠭᠡ ᠪᠣᠯᠭᠠᠵᠤ᠂ ︽ᠪᠢ ᠣᠯᠠᠨ

ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠠᠵᠢᠯ ᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ

ᠣᠯᠬᠤ ᠶᠢ ᠠᠬᠢᠭᠤᠯᠪᠡ᠃

5.jpg

    ᠣᠶᠢᠯᠠᠭᠠᠭᠰᠠᠨ ᠢᠶᠠᠷ᠂ ᠪᠥᠬᠦ ᠤᠯᠤᠰ ᠤᠨ ᠶᠡᠷᠦᠩᠬᠡᠢ ᠡᠪᠯᠡᠯ ᠠᠴᠠ 2023 ᠣᠨ ᠤ ︽ᠬᠠᠮᠤᠭ ᠤᠨ ᠭᠤᠶᠣ

ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ︾ ᠶᠢ

ᠨᠡᠶᠢᠲᠡᠯᠡᠵᠦ᠂ ᠥᠪᠥᠷ ᠮᠣᠩᠭᠤᠯ ᠤᠨ 20 ᠠᠵᠢᠯᠴᠢᠨ ᠤ ᠡᠪᠯᠡᠯ ᠤᠨ ᠥᠷᠲᠡᠭᠡ ᠨᠢ 2023 ᠣᠨ ᠤ ᠬᠠᠮᠤᠭ ᠤᠨ

ᠭᠤᠶᠣ ᠥᠷᠲᠡᠭᠡ ᠪᠣᠯᠬᠤ ᠪᠠᠷ ᠨᠤᠲᠠᠯᠠᠭᠳᠠᠪᠠ᠂ ᠡᠭᠦᠨ ᠳᠤ ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠾᠦᠢ ᠮᠢᠨ 

ᠨᠡᠶᠢᠭᠡᠮ ᠲᠣᠭᠤᠷᠢᠭ ᠤᠨ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ

ᠥᠷᠲᠡᠭᠡ ᠨᠢ ᠢᠷᠠᠭᠤ ᠠᠯᠳᠠᠷᠲᠠᠢ ᠪᠠᠷ ᠵᠢᠭᠰᠠᠭᠠᠯᠲᠠ ᠳᠤ ᠣᠷᠣᠭᠰᠠᠨ ᠪᠠᠶᠢᠨ᠎ᠠ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2