ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ  ᠶᠢᠨ ᠡᠷᠦᠬᠡ ᠳᠤ ᠣᠷᠣᠵᠤ ᠳᠠᠩᠰᠠᠯᠠᠬᠤ ᠠᠵᠢᠯ ᠢ ᠪᠠᠶᠢᠴᠠᠭᠠᠨ ᠰᠣᠳᠤᠯᠵᠤ ᠵᠢᠭᠠᠨ ᠵᠢᠯᠤᠭᠤᠳᠪᠡ
ᠨᠡᠶᠢᠲᠡᠯᠡᠭᠰᠡᠨ ᠴᠠᠭ᠄
2024/1/3
    1 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠳᠠᠩᠰᠠᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠡ᠃ ᠲᠤᠭ᠎ᠠ ᠪᠦᠷᠢᠳᠬᠡᠯ ᠤᠨ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠳ᠋ᠢᠶᠣᠣ ᠴᠦᠨ ᠬᠠᠢ ᠨᠠᠷ ᠤᠷᠢᠳ ᠬᠤᠵᠢᠳ ᠥᠪᠥᠷ ᠮᠣᠩᠭᠤᠯ ᠤᠨ ᠰᠢᠨ ᠺᠧ ᠲᠡᠮᠡᠭᠡᠨ ᠨᠣᠯᠤᠤᠷ ᠤᠨ ᠪᠦᠲᠦᠭᠡᠭᠳᠡᠬᠦᠨ ᠤ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠶᠠ ᠶᠠ ᠬᠡᠦᠬᠡᠳ ᠤᠨ ᠭᠡᠷᠡᠯ ᠵᠢᠷᠤᠭ ᠤᠨ ᠭᠠᠵᠠᠷ ᠵᠡᠷᠭᠡ ᠳᠡᠯᠭᠡᠭᠦᠷ ᠲᠤ ᠬᠦᠷᠴᠡᠢ᠃ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠵᠢᠴᠢ ᠨᠡᠶᠢᠳᠡᠮ ᠪᠠᠶᠢᠴᠠᠭᠠᠭᠴᠢ ᠲᠠᠢ ᠨᠡᠪᠲᠡᠷᠡᠯᠴᠡᠵᠦ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠪᠢ ᠶᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠮᠠᠨ ᠤ ᠰᠢᠶᠠᠨ ᠤ ᠣᠳᠣᠬᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠳᠠᠩᠰᠠᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠨᠠᠷᠢᠨ ᠣᠶᠢᠯᠠᠭᠠᠪᠠ᠃    ᠳ᠋ᠢᠶᠣᠣ ᠴᠦᠨ ᠬᠠᠢ ᠴᠢᠬᠤᠯᠠᠴᠢᠯᠠᠭᠰᠠᠨ ᠨᠢ᠂ ᠲᠤᠬᠠᠢ ᠶᠢᠨ ᠭᠠᠵᠠᠷ ᠲᠤ ᠳᠠᠩᠰᠠᠯᠠᠬᠤ ᠪᠣᠯ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠮᠥᠨ᠃ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠰᠢᠢᠳᠪᠦᠷᠢᠲᠦ ᠪᠠᠶᠢᠯᠳᠤᠭᠠᠨ ᠤ ᠣᠪᠣᠷ ᠪᠠᠶᠢᠳᠠᠯ ᠪᠣᠯᠣᠨ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ ᠰᠤᠷᠲᠠᠯ ᠢᠶᠠᠷ ᠨᠡᠶᠢᠳᠡᠮ ᠪᠠᠶᠢᠴᠠᠭᠠᠯᠲᠠ ᠶᠢᠨ ᠭᠤᠣᠯᠳᠠᠯᠭ᠎ᠠ ᠶᠢ ᠠᠳᠬᠤᠨ᠂ ᠲᠤᠬᠠᠢ ᠶᠢᠨ ᠲᠠᠯᠠᠪᠤᠷ ᠤᠨ ᠳᠠᠩᠰᠠᠯᠠᠯᠲᠠ ᠶᠢ ᠨᠠᠷᠢᠨ ᠨᠢᠮᠪᠠᠢ ᠰᠠᠶᠢᠲᠤᠷ ᠬᠢᠵᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠠᠵᠢᠯ ᠢ ᠨᠠᠷᠢᠯᠢᠭ ᠣᠨᠤᠴᠢᠲᠠᠢ ᠪᠠᠷ ᠰᠠᠶᠢᠲᠤᠷ ᠬᠢᠵᠦ᠂ ᠭᠡᠭᠡᠭᠳᠡᠯ ᠢ ᠪᠠᠶᠢᠴᠠᠭᠠᠵᠤ ᠭᠡᠭᠡᠭᠳᠡᠯ ᠢ ᠨᠥᠬᠦᠪᠦᠷᠢᠯᠡᠬᠦ ᠠᠵᠢᠯ ᠢ ᠨᠠᠷᠢᠯᠢᠭ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢ ᠳᠠᠪᠬᠤᠷᠳᠠᠭᠤᠯᠬᠤ ᠦᠭᠡᠢ ᠪᠥᠭᠡᠳ ᠣᠷᠬᠢᠭᠳᠠᠭᠤᠯᠬᠤ ᠦᠭᠡᠢ᠂ ᠪᠦᠬᠦᠨ ᠢ ᠬᠠᠮᠤᠷᠬᠤ᠂ ᠥᠨᠴᠥᠭ ᠪᠤᠯᠤᠩ ᠦᠭᠡᠢ ᠪᠠᠶᠢᠯᠭᠠᠬᠤ᠂ ᠳᠠᠩᠰᠠᠯᠠᠯᠲᠠ ᠶᠢᠨ ᠮᠡᠳᠡᠭᠡ ᠵᠠᠩᠭᠢ ᠶᠢ ᠣᠨᠣᠪᠴᠢᠲᠠᠶ ᠪᠥᠭᠡᠳ ᠪᠦᠷᠢᠨ ᠪᠦᠲᠦᠨ ᠪᠠᠶᠢᠯᠭᠠᠬᠤ᠂ ᠠᠩᠬᠠᠨ ᠤ ᠲᠤᠭ᠎ᠠ ᠪᠠᠷᠢᠮᠲᠠ ᠶᠢ ᠦᠨᠡᠨ ᠪᠣᠳᠠᠲᠠᠢ ᠪᠥᠭᠡᠳ ᠢᠲᠡᠭᠡᠮᠵᠢᠲᠡᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠴᠢᠭᠯᠡᠭᠦᠯᠬᠦ ᠴᠢᠨᠠᠷ᠂ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢ ᠣᠶᠢᠯᠠᠭᠠᠬᠤ᠂ ᠨᠡᠶᠢᠳᠡᠮ ᠪᠠᠶᠢᠴᠠᠭᠠᠯᠲᠠ ᠶᠢ ᠴᠢᠬᠤᠯᠠᠴᠢᠯᠠᠬᠤ᠂ ᠨᠡᠶᠢᠳᠡᠮ ᠪᠠᠶᠢᠴᠠᠭᠠᠯᠲᠠ ᠶᠢ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠵᠤ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠢ ᠥᠷᠨᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠦᠨᠡᠨᠬᠦ ᠪᠤᠢ ᠪᠣᠯᠭᠠᠨ᠎ᠠ᠃    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ    ᠣᠷᠴᠢᠭᠤᠯᠤᠭᠴᠢ᠄ ᠣᠳᠣᠨᠭᠡᠷᠡᠯ    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ      
 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2