ᠬᠤᠸᠠᠳᠧ ᠰᠢᠶᠠᠨ ᠰᠡᠳᠬᠢᠯ ᠳᠤᠯᠠᠭᠠᠴᠠᠭᠤᠯᠬᠤ ᠨᠡᠭᠦᠷᠡᠰᠦ ᠶᠢ ᠡᠮᠬᠢ ᠵᠢᠷᠤᠮ ᠲᠠᠢ ᠪᠠᠷ ᠲᠠᠷᠬᠠᠭᠠᠵᠤ ᠣᠯᠠᠨ ᠲᠦᠮᠡᠨ ᠢ ᠳᠤᠯᠠᠭᠠᠬᠠᠨ ᠡᠪᠦᠯᠵᠢᠭᠦᠯᠪᠡ
ᠨᠡᠶᠢᠲᠡᠯᠡᠭᠰᠡᠨ ᠴᠠᠭ᠄
2024/10/10

  ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ

ᠰᠠᠶᠢᠲᠤᠷ ᠬᠢᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂

ᠬᠤᠸᠠᠳᠧ ᠰᠢᠶᠠᠨ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠲᠠᠷᠬᠠᠭᠠᠬᠤ ᠠᠵᠢᠯ ᠢ ᠤᠷᠢᠳᠴᠢᠯᠠᠨ ᠠᠬᠢᠭᠤᠯᠪᠠ᠃

ᠣᠶᠢᠷ᠎ᠠ ᠶᠢᠨ ᠡᠳᠦᠷ ᠤᠳ ᠲᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ ᠨᠢᠭᠡ

ᠮᠠᠰᠢᠨ ᠲᠡᠷᠭᠡ ᠬᠤᠸᠠᠳᠧ ᠰᠢᠶᠠᠨ ᠤ ᠡᠯ᠎ᠡ ᠰᠢᠶᠠᠩ ᠪᠠᠯᠭᠠᠰᠤ ᠵᠦᠭ ᠠᠶᠠᠯᠠᠪᠠ᠃

1728638950223023864.png

    ᠬᠥᠳᠡᠯᠭᠡᠭᠦᠷ ᠤᠨ ᠬᠦᠩᠭᠢᠨᠡᠮ᠎ᠡ ᠳᠠᠭᠤᠨ ᠤ ᠳᠤᠮᠳᠠ᠂ ︽ᠬᠠᠯᠠᠮᠵᠢ ᠶᠢᠨ ᠨᠡᠭᠦᠷᠡᠰᠦ︾ ᠶᠢ ᠳᠦᠭᠦᠷᠲᠡᠯ᠎ᠡ ᠲᠡᠭᠡᠭᠡᠭᠰᠡᠨ

ᠲᠣᠮᠣ ᠠᠴᠢᠶᠠᠨ ᠤ ᠮᠠᠰᠢᠨ ᠪᠣᠣᠪᠤ ᠪᠦᠯᠢᠶᠡᠨ ᠸᠠᠨ ᠲᠣᠰᠬᠤᠨ ᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ

ᠲᠠᠷᠬᠠᠭᠠᠬᠤ ᠴᠡᠭ ᠲᠤ ᠵᠠᠯᠭᠠᠭ᠎ᠠ ᠪᠠᠷ ᠬᠦᠷᠪᠡ᠃ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠰᠣᠨᠣᠰᠤᠭᠠᠳ

ᠲᠣᠰᠬᠤᠨ ᠤ ᠠᠷᠠᠳ ᠡᠯ᠎ᠡ ᠭᠠᠵᠠᠷ ᠠᠴᠠ ᠢᠷᠡᠵᠦ᠂ ᠤᠯᠠᠨ ᠢᠶᠠᠷ ᠢᠶᠠᠨ ᠡᠮᠬᠢ ᠵᠢᠷᠤᠮ ᠲᠠᠢ ᠪᠠᠷ ᠲᠡᠷᠭᠡᠨ ᠳᠤ ᠲᠡᠭᠡᠭᠡᠵᠦ᠂

ᠬᠦᠨᠳᠦ ᠶᠢ ᠬᠡᠮᠵᠢᠵᠦ᠂ ᠥᠪᠡᠷ ᠤᠨ ᠭᠡᠷ ᠤᠨ ᠡᠨᠡ ᠡᠪᠦᠯ ᠤᠨ ᠬᠡᠷᠡᠭᠰᠡᠬᠦ ᠰᠢᠲᠠᠭᠠᠯᠭ᠎ᠠ ᠶᠢᠨ ᠨᠡᠭᠦᠷᠡᠰᠦ ᠶᠢ ᠠᠪᠴᠠᠢ᠃

ᠲᠡᠭᠡᠭᠡᠪᠦᠷᠢ ᠶᠢ ᠲᠡᠭᠡᠭᠡᠬᠦ ᠪᠠ ᠲᠠᠷᠬᠠᠭᠠᠬᠤ ᠶᠠᠪᠤᠴᠠ ᠡᠮᠬᠢ ᠴᠡᠭᠴᠡ ᠲᠠᠢ ᠶᠠᠪᠤᠭᠳᠠᠵᠤ᠂ ᠨᠡᠭᠦᠷᠡᠰᠦ ᠣᠯᠣᠭᠰᠠᠨ

ᠲᠤᠰᠬᠤᠨ ᠤ ᠠᠷᠠᠳ ᠪᠠᠶᠠᠷ ᠪᠠᠶᠠᠰᠬᠤᠯᠠᠩ ᠲᠠᠢ ᠪᠠᠷ ᠲᠡᠷᠭᠡ ᠵᠢᠯᠣᠭᠤᠳᠴᠤ ᠭᠡᠷ ᠲᠡᠭᠡᠨ ᠬᠦᠷᠴᠦ ᠢᠷᠡᠯ᠎ᠡ᠃

图片1.png

    ︽ᠡᠨᠡ ᠵᠢᠯ ᠡᠶᠢᠮᠦ ᠡᠷᠲᠡ ᠲᠣᠰᠬᠤᠨ ᠤ ᠠᠷᠠᠳ ᠲᠤ ᠡᠨᠡ ᠬᠦ ᠬᠠᠯᠠᠭᠤᠨ ᠳᠤᠯᠠᠭᠠᠨ ᠨᠡᠭᠦᠷᠡᠰᠦ ᠶᠢ ᠠᠪᠴᠢᠷᠠᠵᠤ

ᠥᠭᠭᠦᠨ᠎ᠡ᠂ ᠡᠨᠡ ᠨᠢ ᠦᠨᠡᠬᠡᠷ ᠲᠠᠷᠢᠶᠠᠴᠢᠳ ᠤᠨ ᠭᠠᠷ ᠲᠤ ᠨᠡᠭᠦᠷᠡᠰᠦ ᠬᠦᠷᠭᠡᠵᠦ᠂ ᠬᠡᠮᠡᠷᠯᠢᠭ ᠳᠡᠭᠡᠷ᠎ᠡ ᠬᠤᠸᠠᠷ ᠴᠡᠴᠡᠭ

ᠬᠦᠷᠭᠡᠵᠦ᠂ ᠮᠠᠨ ᠤ ᠲᠠᠷᠢᠶᠠᠴᠢᠳ ᠤᠨ ᠬᠠᠨᠵᠤ ᠶᠢ ᠬᠠᠯᠠᠭᠤᠨ ᠪᠣᠯᠭᠠᠵᠤ᠂ ᠰᠡᠳᠬᠢᠯ ᠪᠠᠰᠠ ᠳᠤᠯᠠᠭᠠᠴᠠᠭᠤᠯᠪᠠ︾ ᠭᠡᠵᠦ

ᠬᠡᠯᠡᠪᠡ᠃ ᠲᠤᠰᠬᠤᠨ ᠤ ᠠᠷᠠᠳ ᠯᠢᠦ ᠸᠧᠨ ᠳ᠋ᠧ ᠪᠠᠶᠠᠷᠲᠠᠶ ᠬᠡᠯᠡᠪᠡ᠃

图片2.png

    ᠥᠷᠭᠡᠨ ᠣᠯᠠᠨ ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠡᠨᠡ

ᠵᠢᠯ ᠬᠤᠸᠠᠳᠧ ᠰᠢᠶᠠᠨ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠵᠠᠰᠠᠭ ᠤᠨ ᠣᠷᠳᠣᠨ ᠠᠴᠠ ᠨᠡᠭᠦᠷᠡᠰᠦ

ᠬᠦᠷᠭᠡᠵᠦ ᠲᠣᠰᠬᠤᠨ ᠤ ᠵᠠᠬ᠎ᠠ᠂ ︽ᠬᠤᠶᠠᠷ ᠵᠥᠪᠯᠡᠯ︾ ᠤᠨ ᠤᠳᠤᠷᠢᠳᠬᠤ ᠪᠠᠭ ᠲᠤ ᠬᠦᠷᠭᠡᠵᠦ ᠬᠦᠷᠭᠡᠬᠦ ᠵᠠᠭᠪᠤᠷ ᠢ

ᠬᠡᠷᠡᠭᠯᠡᠵᠦ᠂ ᠬᠤᠳᠠᠯᠳᠤᠨ ᠠᠪᠬᠤ - ᠲᠡᠭᠡᠭᠡᠪᠦᠷᠢᠯᠡᠬᠦ - ᠪᠠᠭᠤᠯᠭᠠᠬᠤ ᠪᠥᠬᠦ ᠶᠠᠪᠤᠴᠠ ᠶᠢ ᠴᠢᠩᠭ᠎ᠠ ᠠᠩᠬᠠᠷᠴᠤ᠂ ᠰᠢᠶᠠᠨ᠂

ᠰᠢᠶᠠᠩ᠂ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠪᠠᠶᠢᠴᠠᠭᠠᠨ ᠵᠢᠭᠰᠠᠭᠠᠬᠤ᠂

ᠵᠣᠬᠢᠴᠠᠭᠤᠯᠤᠨ ᠨᠡᠪᠲᠡᠷᠡᠯᠴᠡᠬᠦ᠂ ᠨᠡᠭᠦᠷᠡᠰᠦ ᠳᠣᠭᠢᠷᠠᠭᠤᠯᠤᠨ ᠬᠦᠷᠭᠡᠬᠦ᠂ ᠤᠬᠠᠭᠤᠯᠭ᠎ᠠ ᠶᠢᠨ ᠪᠠᠲᠤᠯᠠᠭ᠎ᠠ ᠵᠡᠷᠭᠡ ᠡᠯ᠎ᠡ

ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠤᠯᠤᠰ ᠤᠨ ᠪᠠᠶᠠᠷ ᠤᠨ ᠬᠤᠭᠤᠴᠠᠭᠠᠨ ᠳᠤ᠂

ᠬᠤᠸᠠᠳᠧ ᠰᠢᠶᠠᠨ ᠤ ᠵᠢᠶᠠ ᠪᠦ᠋ ᠰᠧ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠺᠠᠳ᠋ᠷ ᠠᠵᠢᠯᠳᠠᠨ ᠠᠮᠠᠷᠠᠯᠲᠠ ᠶᠢᠨ

ᠬᠤᠭᠤᠴᠠᠭ᠎ᠠ ᠪᠠᠨ ᠬᠠᠶᠠᠵᠤ᠂ ᠲᠤᠰᠬᠠᠢ ᠬᠥᠮᠦᠨ ᠲᠣᠮᠢᠯᠠᠨ ᠪᠦᠬᠦ ᠶᠠᠪᠤᠴᠠ ᠳᠤ ᠳᠠᠭᠠᠵᠤ᠂ ᠠᠷᠠᠳ ᠤᠨ ᠠᠮᠢᠳᠤᠷᠠᠯ ᠤᠨ

ᠳᠤᠯᠠᠭᠠᠯᠠᠭ᠎ᠠ ᠶᠢᠨ ᠨᠡᠭᠦᠷᠡᠰᠦ ᠶᠢ ᠴᠠᠭ ᠲᠤᠬᠠᠢ ᠳᠤᠨᠢ ᠡᠷᠦᠬᠡ ᠳᠤ ᠬᠦᠷᠭᠡᠬᠦ ᠶᠢ ᠪᠠᠲᠤᠯᠠᠪᠠ᠃ ᠣᠲᠣ ᠪᠣᠯᠲᠠᠯ᠎ᠠ᠂

ᠬᠤᠸᠠᠳᠧ ᠰᠢᠶᠠᠨ ᠨᠢᠭᠡᠨᠲᠡ ᠡᠯ᠎ᠡ ᠰᠢᠶᠠᠩ ᠪᠠᠯᠭᠠᠰᠤᠨ ᠳᠤ ᠨᠢᠭᠡᠨᠲᠡ 165 ᠲᠡᠷᠭᠡ ᠤᠳᠠᠭ᠎ᠠ᠂ ᠨᠡᠶᠢᠲᠡ 5000

ᠭᠠᠷᠤᠶ ᠲᠣᠨ ᠬᠠᠯᠠᠭᠤᠨ ᠳᠤᠯᠠᠭᠠᠨ ᠨᠡᠭᠦᠷᠡᠰᠦ ᠬᠦᠷᠭᠡᠵᠦ᠂ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠬᠡᠷ ᠲᠤ ᠦᠨᠡᠨ

ᠬᠦ ᠬᠦᠷᠭᠡᠵᠦ᠂ ᠪᠥᠬᠦ ᠰᠢᠶᠠᠨ ᠤ ᠮᠠᠯᠴᠢᠨ ᠲᠠᠷᠢᠶᠠᠴᠢᠨ ᠢ ᠬᠠᠯᠠᠭᠤᠨ ᠳᠤᠯᠠᠭᠠᠨ ᠡᠪᠦᠯ ᠢ ᠥᠩᠭᠡᠷᠡᠭᠦᠯᠬᠦ ᠪᠣᠯᠵᠠᠶ᠃

图片3.png

    ︽ᠡᠨᠡ ᠵᠢᠯ ᠤᠨ ᠨᠡᠭᠦᠷᠡᠰᠦᠨ ᠤ ᠡᠭᠦᠷᠭᠡ ᠶᠢ ᠥᠩᠭᠡᠷᠡᠭᠰᠡᠨ ᠵᠢᠯ ᠤᠳ ᠲᠠᠢ ᠠᠳᠠᠯᠢ ᠪᠠᠷ᠂ ᠰᠢᠶᠠᠨ ᠰᠢᠶᠠᠩ

ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠨ᠂ ᠪᠢᠳᠡ ᠨᠡᠭᠦᠷᠡᠰᠦᠨ ᠤ ᠶᠠᠰᠤ ᠴᠢᠨᠠᠷ ᠤᠨ

ᠪᠣᠭᠤᠮᠲᠠ᠂ ᠲᠤᠭ᠎ᠠ ᠬᠡᠮᠵᠢᠶ᠎ᠡ ᠶᠢᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂

ᠨᠡᠭᠦᠷᠡᠰᠦ ᠶᠢ ᠠᠮᠤᠷ ᠲᠦᠪᠰᠢᠨ ᠢᠶᠠᠷ ᠡᠷᠦᠬᠡ ᠳᠤ ᠬᠤᠪᠢᠶᠠᠨ ᠲᠠᠷᠬᠠᠭᠠᠪᠠ᠃ ᠵᠢᠶᠠ ᠪᠦ᠋ ᠰᠧ ᠡᠨᠧᠷᠭᠢ ᠶᠢᠨ

ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠹᠸᠢ ᠬᠤ᠋᠂ ᠡᠨᠡ ᠬᠦ ᠠᠵᠢᠯ ᠢ ᠥᠷᠨᠢᠭᠦᠯᠦᠭᠰᠡᠨ ᠠᠴᠠ

ᠨᠠᠭᠠᠰᠢ᠂ ᠥᠷᠭᠡᠨ ᠤᠯᠠᠨ ᠮᠠᠯᠴᠢᠨ ᠲᠠᠷᠢᠶᠠᠴᠢᠨ ᠲᠦᠮᠡᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠠᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2