ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽ᠭᠤᠷᠪᠠ ᠶᠢ ᠢᠯᠭᠠᠷᠠᠭᠤᠯᠤᠨ ᠲᠢᠭᠯᠡᠬᠦ︾ ᠠᠵᠢᠯᠯᠠᠭ᠎ᠠ ᠨᠢ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/10/11

   ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠯᠥ ᠬᠥᠳᠡᠯᠬᠦ

ᠬᠥᠷᠥᠩᠭᠡ ᠶᠢᠨ ᠳᠡᠩᠰᠡᠯᠡᠯᠲᠡ ᠶᠢᠨ ᠡᠯ᠎ᠡ ᠵᠦᠢᠯ ᠤᠨ ᠭᠤᠭᠴᠤᠭ᠎ᠠ ᠶᠢ ᠭᠦᠨᠵᠡᠭᠡᠶ ᠡᠮᠬᠢᠯᠡᠨ ᠨᠡᠶᠢᠯᠡᠭᠦᠯᠵᠦ᠂ ᠥᠯᠥ

ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠣᠩᠬᠤᠨ ᠤ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ

ᠴᠡᠪᠡᠷᠯᠡᠨ ᠵᠠᠭᠠᠯᠳᠤᠬᠤ ᠲᠣᠭᠲᠠᠴᠠ ᠶᠢ ᠪᠠᠶᠢᠭᠤᠯᠪᠠ᠃

    ᠨᠢᠭᠡ ᠳᠤ᠂ ᠲᠤᠬᠠᠶᠢᠯᠠᠭᠰᠠᠨ ᠠᠵᠢᠯ ᠤᠨ ᠮᠡᠳᠡᠭᠦᠯᠦᠯᠲᠡ ᠶᠢ ᠲᠤᠬᠠᠢ ᠶᠢᠨ ᠡᠳᠦᠷ ᠲᠤ ᠦᠭᠡᠢ ᠪᠣᠯᠭᠠᠪᠠ᠃

ᠳᠠᠩᠰᠠᠯᠠᠬᠤ ᠲᠥᠪ ᠤᠨ ᠴᠣᠩᠬᠤᠨ ᠤ ᠪᠠᠶᠢᠷᠢᠰᠢᠯ ᠢ ᠰᠢᠯᠢᠳᠡᠭᠵᠢᠭᠦᠯᠵᠦ᠂ ᠠᠵᠢᠯᠲᠠᠨ ᠤ ᠪᠦᠲᠦᠴᠡ ᠶᠢ ᠳᠣᠭᠢᠷᠠᠭᠤᠯᠤᠨ᠂

ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠡᠯ᠎ᠡ ᠵᠦᠢᠯ ᠤᠨ ᠭᠤᠭᠴᠤᠭ᠎ᠠ ᠶᠢ ᠭᠦᠨᠵᠡᠭᠡᠶ ᠡᠮᠬᠢᠯᠡᠨ

ᠨᠡᠶᠢᠯᠡᠭᠦᠯᠵᠦ᠂ ᠪᠣᠶ ᠪᠥᠬᠦᠶ ᠳᠡᠩᠰᠡᠯᠡᠨ ᠲᠡᠮᠳᠡᠭᠯᠡᠬᠦ ᠵᠦᠢᠯᠡᠰ ᠢ ᠬᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ ᠢ

ᠲᠣᠰ ᠡᠳᠦᠷ ᠲᠤ ᠳᠠᠭᠤᠰᠬᠠᠬᠤ ᠪᠣᠯᠭᠠᠨ ᠪᠣᠭᠤᠨᠢᠰᠬᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ

ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠲᠤᠰᠬᠠᠢ ᠬᠥᠮᠥᠨ ᠢᠶᠠᠷ ᠰᠠᠨᠠᠭᠤᠯᠵᠤ ᠰᠢᠮᠳᠠᠭᠤᠯᠤᠨ

ᠰᠢᠢᠳᠪᠦᠷᠢᠯᠡᠭᠦᠯᠬᠦ ᠲᠣᠭᠲᠠᠴᠠ ᠶᠢ ᠬᠡᠷᠡᠭᠵᠢᠭᠦᠯᠵᠦ᠂ ᠨᠢᠭᠡ ᠡᠳᠦᠷ ᠲᠤ ᠨᠢᠭᠡ ᠤᠳᠠᠭ᠎ᠠ ᠰᠢᠮᠳᠠᠭᠤᠯᠤᠨ

ᠰᠢᠢᠳᠪᠦᠷᠢᠯᠡᠭᠦᠯᠵᠦ᠂ ᠨᠢᠭᠡ ᠡᠳᠦᠷ ᠲᠤ ᠨᠢᠭᠡ ᠤᠳᠠᠭ᠎ᠠ ᠵᠠᠷᠯᠠᠨ ᠮᠡᠳᠡᠭᠳᠡᠬᠦ ᠶᠢ ᠬᠡᠷᠡᠭᠵᠢᠭᠦᠯᠵᠦ᠂ ᠲᠤᠰ ᠡᠳᠦᠷ ᠲᠤ ᠪᠠᠨ

ᠲᠤᠬᠠᠶᠢᠯᠠᠭᠰᠠᠨ ᠠᠵᠢᠯ ᠢᠶᠠᠨ ᠲᠤᠬᠠᠢ ᠶᠢᠨ ᠡᠳᠦᠷ ᠲᠤᠨᠢ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃ ᠣᠳᠣᠬᠠᠨ

ᠪᠣᠯᠲᠠᠯ᠎ᠠ᠂ ᠬᠤᠭᠤᠴᠠᠭ᠎ᠠ ᠠᠴᠠ ᠬᠡᠲᠦᠷᠡᠵᠦ ᠮᠡᠳᠡᠬᠦ 58 ᠬᠤᠪᠢ ᠲᠤᠬᠠᠶᠢᠯᠠᠭᠰᠠᠨ ᠠᠵᠢᠯ ᠢ ᠰᠠᠨᠠᠭᠤᠯᠵᠤ᠂

ᠲᠤᠬᠠᠶᠢᠯᠠᠭᠰᠠᠨ ᠠᠵᠢᠯ ᠤᠨ ᠮᠡᠳᠡᠭᠦᠯᠦᠯᠲᠡ ᠶᠢ ᠲᠤᠰ ᠡᠳᠦᠷ ᠲᠤᠨᠢ ᠦᠭᠡᠢ ᠪᠣᠯᠭᠠᠬᠤ ᠶᠢ ᠦᠨᠡᠨ ᠬᠦ ᠪᠠᠲᠤᠯᠠᠪᠠ᠃

    ᠬᠤᠶᠠᠷ ᠲᠤ ᠵᠢᠭᠤᠷᠠᠯᠳᠤᠭᠠᠨ ᠤ ᠵᠠᠭᠠᠯᠳᠤᠯᠭ᠎ᠠ ᠶᠢ ᠴᠠᠭ ᠲᠤᠬᠠᠶ ᠳᠤᠨᠢ ᠠᠷᠢᠯᠭᠠᠭᠰᠠᠨ ᠪᠠᠶᠢᠨ᠎ᠠ᠃ ᠤᠴᠢᠷ

ᠶᠠᠪᠤᠳᠠᠯ ᠰᠢᠢᠳᠪᠦᠷᠢᠯᠡᠬᠦ ᠣᠯᠠᠨ ᠲᠦᠮᠡᠨ ᠤ ᠳᠤᠷᠠᠳᠤᠭᠰᠠᠨ ᠰᠠᠨᠠᠯ᠂ ᠭᠤᠮᠣᠳᠠᠯ ᠲᠣᠭᠠᠴᠢᠯᠲᠠ ᠵᠢᠴᠢ ᠳᠠᠩᠰᠠᠯᠠᠬᠤ

ᠴᠣᠩᠬᠤᠨ ᠤ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠳᠠᠷᠦ᠋ᠢᠬᠠᠨ ᠰᠢᠢᠳᠪᠦᠷᠢᠯᠡᠬᠦ ᠲᠣᠭᠲᠠᠴᠠ ᠶᠢ

ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠬᠡᠷᠡᠭᠵᠢᠭᠦᠯᠦᠨ᠂ ᠲᠤᠰᠬᠠᠶ ᠬᠥᠮᠦᠨ ᠢᠶᠠᠷ

ᠰᠢᠢᠳᠪᠦᠷᠢᠯᠡᠭᠦᠯᠵᠦ᠂ ᠵᠢᠭᠤᠷᠠᠯᠳᠤᠭᠠᠨ ᠢ ᠲᠡᠷᠡ ᠳᠠᠷᠤᠶ ᠳᠤᠨᠢ ᠰᠢᠢᠳᠪᠦᠷᠢᠯᠡᠵᠦ ᠳᠡᠶᠢᠯᠬᠦ ᠶᠢ ᠨᠢ ᠲᠡᠷᠡ ᠳᠠᠷᠤᠶ ᠳᠤᠨᠢ

ᠳᠡᠭᠡᠭᠰᠢ ᠮᠡᠳᠡᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠷᠬᠡᠪᠰᠢ ᠣᠯᠠᠨ ᠲᠦᠮᠡᠨ ᠳᠤ ᠲᠠᠶᠢᠯᠪᠤᠷᠢᠯᠠᠬᠤ

ᠠᠵᠢᠯ ᠢ ᠰᠠᠶᠢᠲᠤᠷ ᠬᠢᠬᠦ ᠬᠡᠷᠡᠭᠲᠡᠶ᠃ ᠣᠳᠣᠬᠠᠨ ᠳᠤ᠂ ᠣᠯᠠᠨ ᠲᠦᠮᠡᠨ ᠤ ᠰᠠᠨᠠᠯ ᠵᠢᠴᠢ ᠬᠦᠰᠡᠯ ᠱᠠᠭᠠᠷᠳᠠᠯᠭ᠎ᠠ ᠶᠢ

ᠨᠢᠭᠡᠨᠲᠡ 20 ᠭᠠᠷᠤᠶ ᠬᠤᠪᠢ᠂ ᠵᠥᠷᠢᠴᠡᠯ ᠵᠢᠭᠤᠷᠠᠯᠳᠤᠭᠠᠨ ᠢ 2 ᠬᠤᠪᠢ ᠰᠢᠢᠳᠪᠦᠷᠢᠯᠡᠪᠡ᠃

    ᠭᠤᠷᠪᠠ ᠳᠤ᠂ ᠦᠯᠡᠳᠡᠭᠳᠡᠯ ᠠᠰᠠᠭᠤᠳᠠᠯ ᠢ ᠴᠠᠭ ᠬᠢᠵᠠᠭᠠᠷᠯᠠᠨ ᠲᠡᠭ ᠪᠣᠯᠭᠠᠨ᠎ᠠ᠃ ︽ᠲᠡᠦᠬᠡ ᠶᠢ ᠬᠦᠨᠳᠦᠳᠬᠡᠬᠦ᠂

ᠪᠣᠳᠠᠲᠤ ᠪᠠᠶᠢᠳᠠᠯ ᠳᠤ ᠵᠥᠪ ᠢᠶᠠᠷ ᠬᠠᠨᠳᠤᠬᠤ᠂ ᠬᠠᠤᠯᠢ ᠲᠣᠭᠲᠠᠭᠠᠯ ᠢ ᠵᠢᠷᠤᠮᠯᠠᠬᠤ᠂ ᠲᠦᠷᠦᠯ ᠬᠤᠪᠢᠶᠠᠨ

ᠰᠢᠢᠳᠪᠦᠷᠢᠯᠡᠬᠦ︾ ᠵᠠᠷᠴᠢᠮ ᠶᠣᠰᠣᠭᠠᠷ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠠᠵᠢᠯ ᠤᠨ ᠲᠤᠰᠬᠠᠢ

ᠠᠩᠬᠢ ᠪᠠᠶᠢᠭᠤᠯᠵᠤ᠂ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠬᠦ᠂ ᠮᠠᠲ᠋ᠧᠷᠢᠶᠠᠯ ᠢ ᠨᠢᠭᠡᠳᠦᠯᠲᠡᠢ

ᠲᠥᠯᠥᠪᠵᠢᠭᠦᠯᠬᠦ᠂ ᠰᠠᠯᠠᠭ᠎ᠠ ᠮᠥᠴᠢᠷ ᠢᠶᠠᠷ ᠨᠢᠭᠡᠳᠦᠯᠲᠡᠢ ᠲᠥᠯᠥᠪᠵᠢᠭᠦᠯᠬᠦ ᠪᠠᠷ ᠳᠠᠮᠵᠢᠭᠤᠯᠵᠤ᠂ ᠰᠢᠢᠳᠪᠦᠷᠢᠯᠡᠬᠦ

ᠲᠥᠰᠦᠯ ᠢ ᠲᠣᠳᠣᠷᠬᠠᠶᠢᠯᠠᠵᠤ᠂ ᠬᠤᠷᠠᠯ ᠠᠴᠠ ᠬᠢᠨᠠᠬᠤ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠨᠠᠮ ᠤᠨ

ᠤᠳᠤᠷᠢᠳᠬᠤ ᠳᠤᠭᠤᠶᠢᠯᠠᠩ ᠳᠤ ᠮᠡᠳᠡᠭᠦᠯᠦᠨ ᠶᠠᠷᠢᠯᠴᠠᠵᠤ᠂ ᠵᠢᠩᠬᠢᠨᠢ ᠰᠢᠢᠳᠪᠦᠷᠢᠯᠡᠬᠦ ᠲᠥᠰᠦᠯ ᠢ ᠪᠦᠷᠢᠯᠳᠦᠭᠦᠯᠵᠦ᠂

ᠦᠯᠡᠳᠡᠭᠳᠡᠯ ᠠᠰᠠᠭᠤᠳᠠᠯ ᠢ ᠴᠠᠭ ᠬᠢᠵᠠᠭᠠᠷᠯᠠᠨ ᠲᠡᠭ ᠪᠣᠯᠭᠠᠬᠤ ᠶᠢ ᠪᠠᠲᠤᠯᠠᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2