ᠡᠪᠯᠡᠯ ᠤᠨ ᠰᠢᠶᠠᠨ ᠤ ᠨᠠᠮ ᠤᠨ ᠬᠤᠷᠢᠶ᠎ᠠ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠤᠷᠢᠵᠤ ᠲᠣᠮᠢᠯᠠᠬᠤ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2024/10/11
  ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤ ᠴᠢᠳᠠᠪᠤᠷᠢᠲᠠᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢᠨ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢᠨ ᠲᠥᠯᠥᠭᠡ ᠶᠤᠮ᠃ ᠣᠶᠢᠷ᠎ᠠ ᠳᠤ᠂ ᠰᠢᠶᠠᠨ ᠤ ᠡᠪᠯᠡᠯ ᠤᠨ ᠬᠤᠷᠢᠶ᠎ᠠ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠤᠷᠢᠵᠤ ᠲᠣᠮᠢᠯᠠᠬᠤ ᠶᠣᠰᠣᠯᠠᠯ ᠡᠷᠭᠢᠯᠡᠵᠦ᠂ ᠰᠢᠯᠢᠳᠡᠭ ᠵᠠᠯᠠᠭᠤᠴᠤᠳ ᠢ ᠵᠠᠯᠠᠭᠤ ᠬᠥᠮᠦᠨ ᠳᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ 6 ᠭᠡᠰᠢᠭᠦᠨ ᠢ ᠰᠢᠨ᠎ᠡ ᠪᠠᠷ ᠤᠷᠢᠨ ᠲᠣᠮᠢᠯᠠᠪᠠ᠃

1728639405910094842.jpg

    ᠶᠣᠰᠣᠯᠠᠯ ᠳᠡᠭᠡᠷ᠎ᠡ᠂ ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠱᠦᠵᠢ ᠶᠠᠨ ᠬᠠᠢ ᠲᠤᠤ ᠤᠷᠢᠵᠤ ᠲᠣᠮᠢᠯᠠᠬᠤ

ᠮᠡᠳᠡᠭᠳᠡᠯ ᠢ ᠤᠩᠰᠢᠨ ᠨᠡᠶᠢᠲᠡᠯᠡᠵᠦ᠂ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠲᠤ

ᠤᠷᠢᠯᠭ᠎ᠠ ᠶᠢᠨ ᠪᠢᠴᠢᠭ ᠭᠠᠷᠳᠠᠭᠤᠯᠬᠤ ᠶᠢ ᠪᠠᠷᠢᠮᠲᠠᠯᠠᠵᠤ᠂ ᠥᠷᠭᠡᠨ ᠤᠯᠠᠨ ᠵᠠᠯᠠᠭᠤᠴᠤᠳ ᠤᠨ ᠯᠧᠺᠲ᠋ᠣᠷ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠤᠨᠤᠯ᠂ ︽ᠲᠦᠷᠪᠡᠨ ᠲᠡᠦᠬᠡ︾᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ᠦᠨᠳᠦᠰᠦᠨ

ᠱᠠᠲᠤᠨ ᠳᠤ ᠭᠦᠨᠵᠡᠭᠡᠶᠢᠷᠡᠵᠦ᠂ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠵᠤ ᠰᠣᠯᠢᠯᠴᠠᠬᠤ ᠶᠢ ᠥᠷᠨᠢᠭᠦᠯᠵᠦ᠂

ᠨᠠᠮ ᠤᠨ ᠰᠢᠨ᠎ᠡ ᠶᠢ ᠡᠭᠦᠳᠬᠦ ᠤᠨᠤᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ᠂

ᠰᠢᠯᠢᠳᠡᠭ ᠦᠯᠢᠭᠡᠷ ᠳᠠᠭᠤᠷᠢᠶᠠᠯ ᠤᠨ ᠦᠢᠯᠡ ᠶᠠᠪᠤᠳᠠᠯ ᠢ ᠦᠨᠳᠦᠰᠦᠨ ᠱᠠᠲᠤᠨ ᠳᠤ ᠤᠯᠠᠮᠵᠢᠯᠠᠵᠤ᠂ ᠤᠯᠠᠨ

ᠲᠦᠮᠡᠨ ᠲᠠᠢ ᠤᠢᠢᠷᠠᠳᠤᠭᠰᠠᠨ ︽ᠬᠥᠩᠭᠡᠨ ᠬᠡᠯᠡ︾ ᠪᠠᠷ ᠳᠠᠮᠵᠢᠭᠤᠯᠤᠨ ︽ᠶᠡᠭᠡ ᠶᠣᠰᠣ︾ ᠶᠢ ᠲᠠᠶᠢᠯᠪᠤᠷᠢᠯᠠᠵᠤ᠂

ᠤᠬᠠᠭᠤᠯᠤᠨ ᠲᠠᠶᠢᠯᠪᠤᠷᠢᠯᠠᠬᠤ ᠶᠢ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ᠰᠡᠳᠬᠢᠯ ᠳᠤ

ᠬᠠᠳᠠᠩᠰᠢᠭᠤᠯᠵᠤ᠂ ᠥᠷᠭᠡᠨ ᠤᠯᠠᠨ ᠵᠠᠯᠠᠭᠤᠴᠤᠳ ᠢ ᠬᠦᠳᠦᠯᠥᠨ ᠳᠠᠭᠠᠭᠤᠯᠵᠤ ᠪᠠᠶᠢᠭᠠᠳ ᠵᠠᠯᠠᠭᠤ ᠨᠠᠰᠤᠨ ᠤ

ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃

    ᠤᠷᠢᠨ ᠲᠣᠮᠢᠯᠠᠬᠤ ᠶᠣᠰᠣᠯᠠᠯ ᠡᠷᠬᠢᠯᠡᠬᠦ ᠪᠠᠷ ᠳᠠᠮᠵᠢᠭᠤᠯᠵᠤ᠂ ᠪᠦᠬᠦ ᠰᠢᠶᠠᠨ ᠤ ᠠᠳᠠᠯᠢ ᠪᠤᠰᠤ ᠬᠦᠷᠢᠶᠡᠨ ᠤ

ᠤᠬᠠᠭᠤᠯᠤᠨ ᠲᠠᠶᠢᠯᠪᠤᠷᠢᠯᠠᠭᠴᠢ ᠶᠢᠨ ᠡᠯ᠎ᠡ ᠲᠦᠷᠦᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠬᠤ

ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠠᠢ᠃ ᠳᠠᠷᠠᠭᠠᠴᠢ ᠶᠢᠨ ᠠᠯᠬᠤᠮ ᠳᠤ᠂

ᠡᠪᠯᠡᠯ ᠤᠨ ᠰᠢᠶᠠᠨ ᠤ ᠨᠠᠮ ᠤᠨ ᠬᠤᠷᠢᠶ᠎ᠠ ᠤᠨᠤᠯ ᠤᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢᠨ ᠰᠢᠨ᠎ᠡ ᠶᠢ

ᠢᠳᠡᠪᠬᠢᠲᠡᠢ ᠡᠭᠦᠳᠴᠦ᠂ ᠵᠠᠯᠠᠭᠤ ᠯᠧᠺᠲ᠋ᠣᠷ ᠢ ᠵᠣᠬᠢᠶᠠᠨ ᠪᠠᠶᠢᠭᠤᠯᠤᠨ ᠡᠯ᠎ᠡ ᠲᠦᠷᠦᠯ ᠤᠨ ᠤᠨᠤᠯ ᠢ ᠤᠬᠠᠭᠤᠯᠤᠨ

ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠵᠠᠯᠠᠭᠤᠴᠤᠳ︾ ᠨᠠᠷᠠᠲᠤ ᠲᠡᠮᠳᠡᠭ ᠤᠨ ᠦᠢᠯᠡᠳᠦᠯ ᠢ

ᠰᠠᠶᠢᠲᠤᠷ ᠪᠠᠳᠠᠷᠠᠭᠤᠯᠵᠤ᠂ ᠠᠵᠢᠯ ᠤᠨ ᠲᠦᠷᠦᠯ ᠲᠡᠮᠳᠡᠭ ᠢ ᠡᠭᠦᠳᠴᠦ᠂ ᠤᠬᠠᠭᠤᠯᠤᠨ ᠲᠠᠶᠢᠯᠪᠤᠷᠢᠯᠠᠬᠤ ᠬᠥᠮᠦᠵᠢᠯ ᠤᠨ

ᠵᠠᠯᠠᠭᠤᠴᠤᠳ ᠲᠠᠬᠢ ᠨᠥᠯᠥᠭᠡᠯᠡᠬᠦ ᠬᠦᠴᠦᠨ᠂ ᠨᠡᠪᠴᠢᠬᠦ ᠬᠦᠴᠦᠨ ᠪᠣᠯᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂

ᠲᠡᠳᠡᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠵᠤ᠂ ᠵᠠᠯᠠᠭᠤ

ᠨᠠᠰᠤ ᠪᠠᠨ ᠴᠠᠭ ᠦᠶ᠎ᠡ ᠲᠠᠢ ᠵᠡᠷᠭᠡ ᠪᠠᠷ ᠴᠡᠴᠡᠭᠯᠡᠭᠦᠯᠦᠨ᠎ᠡ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2