ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ | ᠪᠠᠲᠤᠲᠠᠢ ᠠᠬᠢᠭᠤᠯᠬᠤ ᠶᠢᠨ ᠲᠥᠯᠥᠭᠡ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ | ᠬᠦᠴᠦᠲᠡᠢ ᠠᠬᠢᠭᠤᠯᠪᠠ᠃ 10 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠶᠠᠩ ᠵᠢᠶᠦ᠋ᠨ ᠲᠢᠩ ᠳᠣᠯᠣᠳᠤᠭᠠᠷ ᠪᠠᠯᠭᠠᠰᠤᠨ ᠳᠤ | ᠭᠦᠨᠵᠡᠭᠡᠶᠢᠷᠡᠨ ᠡᠷᠦᠬᠡ ᠳᠤ ᠬᠦᠷᠴᠦ ᠰᠤᠷᠪᠤᠯᠵᠢᠯᠠᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠪᠠ᠃ | | ᠯᠢᠶᠠᠩ ᠵᠢᠶᠦ᠋ᠨ ᠲᠢᠩ ᠨᠡᠷ ᠲᠣᠰᠬᠤᠨ ᠤ ᠠᠷᠠᠳ ᠤᠨ ᠬᠡᠷ ᠲᠤ ᠭᠦᠨᠵᠡᠭᠡᠶᠢᠷᠡᠵᠦ᠂ ᠣᠷᠣᠯᠭ᠎ᠠ ᠵᠠᠷᠤᠯᠭ᠎ᠠ ᠶᠢᠨ | ᠲᠠᠩᠰᠠ ᠪᠤᠳᠤᠬᠤ᠂ ᠨᠤᠷᠠᠬᠤ ᠠᠶᠤᠯᠲᠠᠶ ᠬᠡᠷ ᠪᠠᠶᠢᠰᠢᠩ᠂ ᠡᠷᠦᠬᠡ ᠶᠢᠨ ᠵᠣᠷᠯᠣᠩ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠪᠠ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠤᠰᠤ ᠤᠮᠳᠠ ᠶᠢᠨ ᠬᠠᠮᠢᠶ᠎ᠠ ᠪᠥᠬᠦᠶ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠲᠣᠰᠬᠤᠨ ᠤ ᠠᠷᠠᠳ ᠤᠨ ᠵᠥᠪᠯᠡᠯ ᠢ | ᠰᠢᠮᠳᠠᠭᠤᠯᠵᠤ ᠪᠠᠶᠢᠭᠠᠳ ᠬᠤᠯᠪᠣᠭᠳᠠᠯ ᠪᠥᠬᠦᠶ ᠲᠠᠩᠰᠠ ᠡᠪᠬᠡᠮᠡᠯ ᠢ ᠲᠦᠷᠭᠡᠬᠡᠨ ᠲᠡᠭᠦᠯᠳᠡᠷᠵᠢᠭᠦᠯᠪᠡ᠃ | ᠯᠢᠶᠠᠩ ᠵᠢᠶᠦ᠋ᠨ ᠲᠢᠩ ᠵᠢᠭᠠᠵᠤ ᠭᠠᠷᠭᠠᠭᠰᠠᠨ ᠨᠢ᠂ ᠪᠦᠬᠦ ᠪᠠᠯᠭᠠᠰᠤ ᠪᠠᠷ ᠢᠶᠠᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ ᠶᠢ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠡᠷᠴᠢᠮ ᠢᠶᠠᠨ ᠪᠦᠬᠦ ᠲᠠᠯ᠎ᠠ ᠪᠠᠷ | ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠥᠮᠦᠨ ᠠᠮᠠ ᠶᠢ | ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠯᠢᠬᠵᠢᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠵᠦ᠂ ᠪᠦᠬᠦ ᠲᠠᠯ᠎ᠠ ᠪᠠᠷ ᠳᠤᠲᠠᠭᠳᠠᠯ ᠢ ᠪᠠᠶᠢᠴᠠᠭᠠᠨ ᠨᠥᠬᠦᠪᠥᠷᠢᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ | ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ | ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠪᠠᠯᠭᠠᠰᠤ ᠲᠣᠰᠬᠤᠨ ᠤ ᠺᠠᠳ᠋ᠷ ᠲᠣᠰᠬᠤᠨ ᠳᠤ ᠰᠠᠭᠤᠵᠤ ᠬᠠᠪᠰᠤᠷᠤᠨ | ᠲᠡᠳᠬᠦᠬᠦ ᠠᠵᠢᠯᠯᠠᠬᠤ ᠠᠩᠭᠢ ᠲᠠᠢ ᠬᠠᠮᠵᠢᠯᠴᠠᠨ ᠵᠣᠯᠭᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ | ᠬᠦᠴᠦᠨ ᠢ ᠪᠦᠷᠢᠯᠳᠦᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ | ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ | ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠣᠷᠣᠯᠭ᠎ᠠ ᠵᠠᠷᠤᠯᠭ᠎ᠠ ᠶᠢ ᠲᠣᠭᠠᠴᠠᠭ᠎ᠠ ᠬᠢᠬᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠ ᠲᠣᠰᠬᠤᠨ ᠡᠷᠦᠬᠡ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ | ᠴᠢᠩᠭ᠎ᠠ ᠠᠩᠬᠠᠷᠴᠤ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ | ᠲᠠᠯ᠎ᠠ ᠪᠠᠷ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ | ᠬᠡᠷᠡᠭᠲᠡᠢ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸ | |