ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ | ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 10 ᠰᠠᠷ᠎ᠠ ᠶᠢᠨ 10 ᠤ | ᠡᠳᠦᠷ᠂ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠡᠪᠯᠡᠯ ᠤᠨ ᠰᠢᠶᠠᠨ ᠤ ᠨᠠᠮ ᠤᠨ | ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠠᠵᠢᠯᠴᠢᠨ ᠤ ᠶᠡᠷᠦᠩᠬᠡᠢ ᠡᠪᠯᠡᠯ᠂ ᠯᠢᠶᠠᠨ | ᠳ᠋ᠧ ᠡᠮᠨᠡᠯᠭᠡ ᠶᠢᠨ ᠬᠤᠷᠢᠶ᠎ᠠ ᠵᠢᠴᠢ ᠭᠠᠨ ᡁᠢ ᠮᠧᠶ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠠᠢ ᠭᠠᠷ ᠬᠤᠯᠪᠣᠨ | ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠬᠠᠶᠢᠷᠠᠯᠠᠵᠤ᠂ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠬᠤ︾ | ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠪᠠᠶᠠᠨᠲᠠᠯ᠎ᠠ ᠰᠢᠶᠠᠩ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ | ᠬᠦᠷᠢᠶᠡᠯᠡᠩ ᠤᠨ ᠨᠠᠰᠤᠲᠠᠶᠢᠴᠤᠳ ᠲᠤ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠬᠦᠷᠭᠡᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠠᠶᠢᠷ᠎ᠠ ᠬᠠᠯᠠᠮᠵᠢ ᠤᠷᠬᠢᠯᠤᠮ᠎ᠠ ᠬᠠᠯᠠᠭᠤᠨ ᠳᠤᠯᠠᠭᠠᠨ ᠪᠠᠶᠢᠯ᠎ᠠ᠃ | ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠶᠠᠭᠠᠷᠠᠯᠲᠠᠢ ᠪᠠᠷ᠎ᠠ ᠨᠢ ᠡᠯ᠎ᠡ ᠥᠨᠴᠥᠭ ᠪᠤᠯᠤᠩ ᠢᠶᠠᠷ ᠰᠦᠯᠵᠢᠯᠳᠦᠵᠦ᠂ | ᠲᠡᠳᠡ ᠨᠠᠰᠤᠲᠠᠨ ᠳᠤ ᠭᠡᠷ ᠪᠦᠯᠢ ᠶᠢᠨ ᠠᠷᠢᠭᠤᠨ ᠴᠡᠪᠡᠷ ᠢ ᠨᠠᠷᠢᠨ ᠨᠢᠮᠪᠠᠢ ᠴᠡᠪᠡᠷᠯᠡᠵᠦ᠂ ᠥᠨᠴᠥᠭ ᠪᠤᠯᠤᠩ | ᠪᠣᠯᠭᠠᠨ ᠳᠤ ᠴᠦ ᠲᠠᠯᠪᠢᠬᠤ ᠦᠭᠡᠢ ᠪᠠᠶᠢᠵᠤ᠂ ᠨᠠᠰᠤᠲᠠᠶᠢᠴᠤᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ | ᠴᠣ ᠰᠢᠨ᠎ᠡ ᠪᠣᠯᠭᠠᠨ ᠬᠤᠪᠢᠷᠠᠭᠤᠯᠪᠠ︔ ᠨᠠᠰᠤᠲᠠᠨ ᠳᠤ ᠦᠰᠦ ᠪᠠᠨ ᠨᠠᠷᠢᠨ ᠬᠢᠨᠠᠮᠠᠭᠠᠢ ᠵᠠᠰᠠᠵᠤ ᠥᠭᠪᠡ᠃ ᠡᠭᠦᠨ ᠠᠴᠠ | ᠭᠠᠳᠠᠨ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠠᠰᠤᠲᠠᠶᠢᠴᠤᠳ ᠲᠤ ᠢᠳᠡᠭᠡᠨ ᠤᠮᠳᠠᠭᠠᠨ ᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠨᠠᠷᠢᠨ ᠨᠢᠮᠪᠠᠶ ᠥᠷᠨᠢᠭᠦᠯᠵᠦ ᠥᠭᠴᠡᠶ᠃ ᠲᠡᠳᠡ ᠬᠢᠯᠪᠠᠷ | ᠣᠶᠢᠯᠠᠭᠠᠮᠵᠢᠲᠠᠶ᠂ ᠠᠮᠢᠳᠤᠯᠢᠭ ᠳᠦᠷᠰᠦᠯᠢᠭ ᠦᠭᠡ ᠬᠡᠯᠡ ᠪᠠᠷ ᠨᠠᠰᠤᠲᠠᠶᠢᠴᠤᠳ ᠲᠤ ᠡᠷᠡᠭᠦᠯ ᠰᠠᠷᠠᠭᠤᠯ ᠢᠳᠡᠭᠡᠨ | ᠤᠮᠳᠠᠭᠠᠨ ᠤ ᠴᠢᠬᠤᠯᠠ ᠴᠢᠨᠠᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠨᠢᠯᠴᠠᠭᠤᠯᠵᠤ᠂ ᠥᠪᠡᠷ ᠤᠨ ᠪᠡᠶ᠎ᠡ ᠶᠢᠨ | ᠪᠠᠶᠢᠳᠠᠯ ᠢᠶᠠᠨ ᠬᠡᠷᠬᠢᠨ ᠦᠨᠳᠦᠰᠦᠯᠡᠨ ᠤᠷ᠎ᠠ ᠠᠪᠢᠶᠠᠰ ᠲᠠᠢ ᠵᠦᠶ ᠵᠣᠬᠢᠰᠲᠠᠶ ᠵᠣᠬᠢᠴᠠᠭᠤᠯᠵᠤ᠂ ᠨᠠᠰᠤᠲᠠᠶᠢᠴᠤᠳ ᠮᠠᠰᠢ | ᠠᠮᠲᠠᠲᠠᠶ ᠰᠣᠨᠣᠰᠴᠤ᠂ ᠪᠠᠶᠢᠨ ᠪᠠᠶᠢᠨ ᠲᠤᠯᠤᠭᠠᠢ ᠲᠤᠬᠢᠨ ᠵᠥᠪᠰᠢᠶᠡᠷᠡᠵᠦ ᠪᠠᠶᠢᠬᠤ ᠪᠠᠨ ᠢᠯᠡᠳᠬᠡᠵᠡᠢ᠃ | | ᠨᠢᠭᠡ ᠲᠠᠯ᠎ᠠ ᠶᠢᠨ ᠡᠮᠴᠢ ᠰᠤᠪᠢᠯᠠᠭᠴᠢᠳ ᠪᠠᠰᠠ ᠰᠤᠯᠠ ᠪᠠᠶᠢᠬᠤ ᠦᠭᠡᠢ᠂ ᠲᠡᠳᠡ ᠲᠤᠰᠬᠠᠢ ᠵᠢᠷᠤᠮ ᠤᠨ | ᠡᠮᠴᠢᠯᠡᠭᠡᠨ ᠤ ᠴᠡᠭ ᠭᠠᠷᠭᠠᠵᠤ᠂ ᠨᠠᠰᠤᠲᠠᠶᠢᠴᠤᠳ ᠲᠤ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠪᠡ᠃ | ᠨᠠᠰᠤᠲᠠᠨ ᠤ ᠡᠪᠡᠳᠴᠢᠨ ᠤ ᠲᠡᠦᠬᠡ ᠶᠢ ᠨᠠᠷᠢᠨ ᠠᠰᠠᠭᠤᠵᠤ᠂ ᠲᠡᠳᠡᠨ ᠤ ᠡᠷᠡᠭᠦᠯ ᠮᠡᠨᠳᠦ ᠶᠢᠨ ᠲᠤᠬᠠᠶ ᠡᠯ᠎ᠡ ᠵᠦᠢᠯ ᠤᠨ | ᠮᠠᠳᠠᠭ ᠲᠠᠢ ᠠᠰᠠᠭᠤᠯᠲᠠ᠂ ᠲᠤᠰᠬᠠᠶ ᠮᠡᠷᠭᠡᠵᠢᠯ ᠤᠨ ᠣᠪᠣᠷ ᠪᠠ ᠳᠣᠲᠣᠨᠣ ᠦᠭᠡ ᠳᠤ ᠬᠦᠯᠢᠴᠡᠩᠭᠦᠶ ᠪᠠᠷ ᠬᠠᠷᠢᠭᠤᠯᠲᠠ | ᠥᠭᠴᠦ᠂ ᠨᠠᠰᠤᠲᠠᠶᠢᠴᠤᠳ ᠤᠨ ᠡᠷᠡᠭᠦᠯ ᠮᠡᠨᠳᠦ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ | ᠨᠠᠶᠢᠳᠠᠪᠤᠷᠢᠲᠠᠶ ᠲᠤᠰᠬᠠᠶ ᠮᠡᠷᠭᠡᠵᠢᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | | ᠪᠠᠶᠠᠨᠲᠠᠯ᠎ᠠ ᠰᠢᠶᠠᠩ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠦ᠋ ᠴᠧᠩ ᠧ | ᠨᠠᠰᠤᠲᠠᠨ ᠰᠡᠳᠬᠢᠯ ᠳᠣᠭᠳᠣᠯᠤᠨ᠄ ︽ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠰᠢᠯ ᠵᠦᠯᠭᠦᠵᠦ᠂ ᠪᠠᠰᠠ | ᠭᠡᠷ ᠢᠶᠠᠨ ᠴᠡᠪᠡᠷᠯᠡᠨ᠂ ᠪᠠᠰᠠ ᠳᠠᠩ ᠴᠤᠯᠭᠤᠢ ᠪᠣᠯᠵᠠᠢ᠂ ᠦᠢᠯᠡᠴᠢᠯᠡᠬᠦ ᠣᠪᠣᠷ ᠨᠢ ᠮᠠᠰᠢ ᠰᠠᠶᠢᠨ ᠪᠣᠯᠵᠠᠢ᠂ ᠶᠠᠭᠤ ᠶᠢ | ᠴᠤ ᠪᠦᠷ ᠰᠠᠶᠢᠨ ᠵᠦᠯᠭᠦᠵᠦ᠂ ᠭᠡᠷ ᠢᠶᠠᠨ ᠰᠠᠶᠢᠲᠤᠷ ᠱᠦᠭᠦᠷᠳᠡᠨ ᠴᠡᠪᠡᠷᠯᠡᠵᠦ᠂ ᠪᠢᠳᠡᠨ ᠳᠤ ᠭᠡᠵᠢᠭᠡ ᠵᠠᠰᠠᠵᠤ ᠥᠭᠴᠡᠢ᠂ | ᠶᠡᠭᠡ ᠰᠠᠶᠢᠨ ᠵᠠᠰᠠᠵᠠᠢ᠂ ᠪᠠᠰᠠ ᠨᠠᠰᠤᠲᠠᠶᠢᠴᠤᠳ ᠲᠤ ᠡᠪᠡᠳᠴᠢᠨ ᠦᠵᠡᠭᠦᠯᠵᠦ ᠪᠠᠶᠢᠨ᠎ᠠ᠂ ᠪᠢᠳᠡᠨ ᠤ ᠡᠳᠡᠭᠡᠷ | ᠨᠠᠰᠤᠲᠠᠳ ᠢ ᠣᠨᠴᠠᠭᠠᠶᠢᠯᠠᠨ ᠬᠠᠯᠠᠮᠵᠢᠯᠠᠵᠤ ᠪᠠᠶᠢᠨ᠎ᠠ︾ ᠭᠡᠵᠦ ᠰᠡᠳᠬᠢᠯ ᠳᠣᠭᠳᠣᠯᠤᠨ ᠬᠡᠯᠡᠪᠡ᠃ | | ᠳᠣᠲᠣᠨᠣ ᠮᠡᠨᠳᠦᠴᠢᠯᠡᠯ ᠬᠥᠮᠦᠨ ᠤ ᠰᠡᠳᠬᠢᠯ ᠢ ᠳᠤᠯᠠᠭᠠᠴᠠᠭᠤᠯᠵᠤ᠂ ᠴᠢᠩ ᠦᠨᠡᠨᠴᠢ ᠬᠦᠰᠡᠯ ᠨᠠᠶᠢᠳᠠᠯᠭ᠎ᠠ ᠶᠢ | ᠴᠢᠩ ᠰᠡᠳᠬᠢᠯ ᠠᠴᠠ ᠪᠠᠨ ᠳᠠᠮᠵᠢᠭᠤᠯᠤᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠨᠠᠰᠤᠲᠠᠨ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠡᠳᠦᠷ ᠲᠤᠲᠤᠮ ᠤᠨ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ | ᠲᠡᠳᠡᠨ ᠳᠤ ᠤᠯᠠᠷᠢᠯ ᠰᠣᠯᠢᠬᠤ ᠤᠯᠠᠷᠢᠯ ᠳᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠣᠨᠴᠠ ᠠᠩᠬᠠᠷᠴᠤ᠂ | ᠨᠠᠰᠤᠲᠠᠶᠢᠴᠤᠳ ᠤᠨ ᠬᠦᠴᠢᠷᠳᠡᠯ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠯᠠᠪᠯᠠᠨ ᠠᠰᠠᠭᠤᠬᠤ ᠶᠢᠨ ᠬᠠᠮᠲᠤ | ᠰᠠᠶᠢᠨ ᠰᠠᠶᠢᠬᠠᠨ ᠵᠥᠩᠨᠡᠯ ᠪᠠ ᠨᠠᠷᠢᠨ ᠨᠢᠮᠪᠠᠶ ᠪᠡᠯᠡᠳᠬᠡᠭᠰᠡᠨ ᠲᠣᠬᠤᠨᠢᠭᠤᠯᠬᠤ ᠪᠣᠳᠠᠰ ᠬᠦᠷᠭᠡᠭᠰᠡᠨ ᠪᠠᠶᠢᠨ᠎ᠠ᠃ | ᠨᠠᠰᠤᠲᠠᠶᠢᠴᠤᠳ ᠤᠨ ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠲᠤᠬᠠᠶ ᠶᠢᠨ ᠲᠠᠯᠠᠪᠠᠢ ᠳᠤ ᠭᠦᠨ | ᠵᠤᠵᠠᠭᠠᠨ ᠬᠠᠶᠢᠷ᠎ᠠ ᠰᠡᠳᠬᠢᠯᠭᠡ ᠪᠠᠷ ᠪᠢᠯᠬᠠᠵᠠᠢ᠃ | ︽ᠶᠢᠰᠦᠨ ᠰᠠᠷ᠎ᠠ ᠶᠢᠨ ᠶᠢᠰᠦᠨ ᠤ ᠪᠠᠶᠠᠷ - ᠪᠠᠰᠠ ︿ᠬᠤᠣᠰ ᠶᠢᠰᠦᠨ ᠤ ᠪᠠᠶᠠᠷ﹀᠂ ︿ᠨᠠᠰᠤᠲᠠᠶᠢᠴᠤᠳ ᠤᠨ ᠪᠠᠶᠠᠷ﹀ | ᠭᠡᠳᠡᠭ᠂ ᠡᠷᠲᠡᠨ ᠠᠴᠠ ᠠᠪᠤᠭᠠᠳ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ | ᠬᠠᠪᠰᠤᠷᠬᠤ ᠪᠠᠶᠠᠷ ᠤᠨ ᠡᠳᠦᠷ ᠪᠣᠯᠣᠨ᠎ᠠ᠃ ᠡᠨᠡᠬᠦ ᠣᠨᠴᠠᠭᠠᠢ ᠡᠳᠦᠷ ᠲᠤ᠂ ᠰᠢᠶᠠᠨ ᠤ ᠨᠠᠮ ᠤᠨ ᠬᠤᠷᠢᠶᠠᠨ ᠤ | ᠨᠡᠶᠢᠭᠡᠮ ᠤᠨ ᠠᠵᠢᠯ ᠤᠨ ᠬᠡᠯᠲᠡᠰ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠲᠥᠪ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ᠂ | ᠪᠠᠰᠠ ᠮᠠᠰᠢ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ | ᠨᠠᠰᠤᠲᠠᠶᠢᠴᠤᠳ ᠲᠤ ᠦᠰᠦ ᠵᠠᠰᠠᠵᠤ᠂ ᠠᠷᠢᠭᠤᠨ ᠴᠡᠪᠡᠷ᠂ ᠠᠯᠪᠠᠨ ᠵᠢᠷᠤᠮ ᠤᠨ ᠡᠮᠴᠢᠯᠡᠭᠡ ᠬᠢᠵᠦ ᠥᠭᠴᠡᠢ᠃ | ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠵᠣᠣ ᠸᠧᠨ ᠸᠧᠨ ᠭᠦᠨ | ᠰᠡᠳᠬᠢᠯᠭᠡ ᠲᠠᠢ ᠪᠠᠷ ᠬᠡᠯᠡᠬᠦ ᠳᠡᠭᠡᠨ᠂ ᠡᠲᠡᠭᠡᠷ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ | ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠭᠦᠶ᠋ᠴᠡᠳ ᠬᠠᠷᠠᠭᠤᠯᠵᠤ ᠪᠠᠶᠢᠨ᠎ᠠ᠂ | ᠪᠢᠳᠡ ᠡᠲᠡᠭᠡᠷ ᠠᠵᠢᠯᠯᠠᠭ᠎ᠠ ᠪᠠᠷ ᠳᠠᠮᠵᠢᠭᠤᠯᠤᠨ ᠡᠨᠡ ᠬᠦ ᠰᠠᠶᠢᠬᠠᠨ ᠰᠤᠷᠲᠠᠯ ᠢ ᠤᠯᠠᠮᠵᠢᠯᠠᠨ ᠪᠠᠳᠠᠷᠠᠭᠤᠯᠵᠤ᠂ | ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠳᠬᠡᠬᠦ ᠰᠤᠷᠲᠠᠯ ᠢ ᠬᠤᠸᠠᠳᠧ ᠶᠢᠨ ᠡᠬᠡ ᠭᠠᠵᠠᠷ ᠲᠤ ᠬᠡᠪ | ᠵᠠᠩᠰᠢᠯ ᠪᠣᠯᠭᠠᠵᠤ᠂ ᠨᠠᠰᠤᠲᠠᠶᠢᠴᠤᠳ ᠨᠢᠭᠡᠪᠦᠷᠢ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠶ ᠭᠡᠵᠡᠶ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |