ᠴᠠᠩ ᠳ᠋ᠠ ᠸᠧᠢ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ 34 ᠳ᠋ᠤᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/12

  10 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠠᠷᠪᠠᠨ

ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ

34 ᠳ᠋ᠤᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ

ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

    ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ

ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠠᠶᠢᠯᠠᠯᠭ᠎ᠠ ᠳᠡᠭᠡᠷ᠎ᠡ᠂ ᠤᠯᠤᠰ ᠤᠨ ᠭᠠᠪᠢᠶᠠᠨ ᠲᠡᠮᠳᠡᠭ ᠪᠠ

ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷ᠎ᠡ᠂ ᠪᠥᠬᠦ ᠤᠯᠤᠰ ᠤᠨ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ

ᠰᠠᠨᠠᠭ᠎ᠠ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ

ᠬᠤᠷᠢᠶᠠᠨ ᠤ ᠰᠠᠨᠠᠯ︾ ᠵᠡᠷᠭᠡ ᠬᠤᠯᠪᠣᠭᠳᠠᠯ ᠪᠥᠬᠦᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠠ ᠳᠡᠭᠡᠳᠦ ᠱᠠᠲᠤᠨ ᠤ

ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠨ ᠵᠥᠪᠯᠡᠪᠡ᠃

    ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ

ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ

ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠪᠣᠳᠠᠲᠤ ᠪᠠᠶᠢᠳᠠᠯ ᠳᠤ ᠰᠠᠭᠤᠷᠢᠯᠠᠨ

ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢᠨ ᠠᠵᠢᠯ ᠢ

ᠰᠠᠶᠢᠲᠤᠷ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠡᠪᠴᠢᠶᠡᠵᠢᠯ ᠤᠨ

ᠴᠢᠨᠠᠷᠲᠠᠢ ᠲᠠᠬᠢᠨ ᠶᠠᠳᠠᠭᠤᠷᠠᠬᠤ ︽ᠬᠤᠶᠠᠷ ᠬᠤᠷᠢᠭ᠎ᠠ ᠱᠤᠭᠤᠮ︾ ᠤᠨ ᠴᠢᠬᠤᠯᠠ ᠶᠡᠭᠡ ᠤᠯᠤᠰ ᠲᠦᠷᠦ ᠶᠢᠨ

ᠡᠭᠦᠷᠭᠡ ᠶᠢ ᠪᠠᠲᠤ ᠰᠠᠬᠢᠬᠤ ᠬᠡᠷᠡᠭᠲᠡᠢ︔ ᠤᠯᠤᠰ ᠲᠦᠷᠦ ᠪᠠᠷ ᠴᠠᠭᠳᠠᠭ᠎ᠠ ᠪᠠᠶᠢᠭᠤᠯᠬᠤ ᠪᠠ ᠴᠠᠭᠳᠠᠭ᠎ᠠ ᠶᠢ ᠪᠦᠬᠦ

ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠭᠦᠨᠵᠡᠭᠡᠢ ᠪᠣᠳᠠᠲᠠᠢ

ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠲᠤᠰᠬᠠᠶᠢᠵᠢᠭᠰᠠᠨ ᠠᠵᠢᠯ ᠮᠡᠷᠭᠡᠵᠢᠭᠰᠡᠨ

ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠦᠴᠦᠲᠡᠢ

ᠪᠠᠲᠤᠯᠠᠬᠤ ᠬᠡᠷᠡᠭᠲᠡᠢ︔ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ ᠲᠦᠪᠰᠢᠨ ᠢ ᠬᠠᠮᠠᠭᠠᠯᠠᠬᠤ

ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠠᠷ᠎ᠠ ᠪᠦᠯᠦᠭᠲᠡᠨ ᠬᠠᠷᠭᠢᠰ

ᠬᠦᠴᠦᠨ ᠢ ᠠᠷᠢᠯᠭᠠᠬᠤ ᠪᠠᠶᠢᠩᠭᠤ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ

ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ

ᠪᠤᠳᠤᠯᠭ᠎ᠠ ᠪᠠᠶᠢᠷᠢᠯᠠᠭᠤᠯᠤᠯᠲᠠ ᠶᠢ ᠲᠠᠷᠢᠬᠢ ᠲᠣᠯᠣᠭᠠᠢ ᠳᠠᠭᠠᠨ ᠰᠡᠶᠢᠯᠵᠦ᠂ ᠲᠦᠷᠢᠮ ᠳᠤ ᠠᠭᠤᠰᠤᠯᠴᠠᠭᠤᠯᠵᠤ᠂

ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ

ᠬᠤᠸᠠᠳᠧ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

    ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠰᠢᠶᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠬᠠᠷᠢᠭᠤᠴᠠᠯᠭᠠᠲᠠᠨ᠂ ᠵᠠᠰᠠᠭ ᠤᠨ ᠣᠷᠳᠣᠨ ᠤ ᠳᠡᠳ᠋

ᠰᠢᠶᠠᠨ ᠤ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠰᠢᠶᠠᠨ ᠤ ᠰᠢᠭᠤᠳ

ᠬᠠᠷᠢᠶ᠎ᠠ ᠬᠤᠯᠪᠣᠭᠳᠠᠯ ᠪᠦᠬᠦᠢ ᠨᠢᠭᠡᠴᠡ᠂ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤᠨ ᠤ ᠭᠤᠣᠯ

ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2