ᠬᠤᠸᠠᠳᠧ ᠰᠢᠶᠠᠨ ᠪᠦᠬᠦ ᠰᠢᠶᠠᠨ ᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢᠨ ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/10/12

  ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢ ᠪᠥᠬᠦ ᠲᠠᠯ᠎ᠠ ᠪᠠᠷ ᠪᠠᠶᠢᠭᠤᠯᠬᠤ ᠡᠭᠦᠷᠭᠡ ᠬᠠᠷᠢᠭᠤᠴᠠᠯᠭ᠎ᠠ ᠶᠢᠨ

ᠵᠦᠢᠯᠡᠰ ᠤᠨ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠨᠠᠮ ᠤᠨ ᠲᠥᠪ ᠬᠤᠷᠢᠶᠠᠨ ᠤ

ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠥᠬᠦ ᠤᠯᠤᠰ ᠤᠨ ᠠᠬᠢᠭᠤᠯᠬᠤ ᠬᠤᠷᠠᠯ ᠤᠨ

ᠲᠣᠬᠢᠷᠠᠭᠤᠯᠤᠯᠲᠠ ᠵᠢᠴᠢ ᠲᠥᠪ ᠤᠨ ᠣᠷᠣᠨ ᠲᠤᠭ᠎ᠠ ᠶᠢᠨ ᠠᠯᠪᠠᠨ ᠬᠡᠷ ᠪᠠ ᠥᠪᠡᠷᠲᠡᠭᠡᠨ ᠵᠠᠰᠠᠬᠤ ᠣᠷᠣᠨ ᠤ

ᠣᠷᠣᠨ ᠲᠤᠭ᠎ᠠ ᠶᠢᠨ ᠠᠯᠪᠠᠨ ᠬᠡᠷ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠃ 10 ᠰᠠᠷ᠎ᠠ ᠶᠢᠨ 11 ᠤ ᠡᠳᠦᠷ᠂ ᠬᠤᠸᠠᠳᠧ ᠰᠢᠶᠠᠨ

ᠪᠦᠬᠦ ᠰᠢᠶᠠᠨ ᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ

ᠳᠠᠩᠰᠠ ᠶᠢᠨ ᠠᠵᠢᠯ ᠤᠨ ᠪᠣᠯᠪᠠᠰᠤᠷᠠᠯ ᠤᠨ ᠠᠩᠬᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠷᠦᠩ ᠬᠤᠸᠠ ᠬᠤᠷᠠᠯ ᠳᠤ ᠣᠷᠣᠯᠴᠠᠵᠤ᠂

ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ

ᡁᠢ ᠹᠠᠩ ᠬᠤᠷᠠᠯ ᠡᠷᠭᠢᠯᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠪᠠ᠃

图片1.png

    ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠡᠷᠬᠢᠯᠡᠭᠴᠢ

ᠭᠤᠤ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠣᠳᠠᠲᠠᠶ ᠪᠣᠳᠠᠲᠠᠶ ᠪᠡᠶ᠎ᠡ ᠶᠢᠨ ᠲᠠᠮᠢᠷ᠂ ᠠᠵᠢᠯ ᠤᠨ ᠠᠷᠭ᠎ᠠ

ᠵᠡᠷᠭᠡ ᠲᠠᠯ᠎ᠠ ᠪᠠᠷ ᠪᠥᠬᠦ ᠰᠢᠶᠠᠨ ᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ

ᠨᠠᠷᠢᠨ ᠲᠠᠩᠰᠠ ᠶᠢᠨ ᠠᠵᠢᠯ ᠤᠨ ᠲᠤᠬᠠᠶ ᠲᠤᠰᠬᠠᠶ ᠰᠡᠳᠦᠪᠲᠦ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠬᠢᠪᠠ᠃

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ

ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ

ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ

ᠳᠡᠭᠡᠷ᠎ᠡ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠤᠷᠰᠢᠯᠲᠠ ᠶᠢᠨ

ᠴᠡᠭ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ

ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠣᠭᠲᠠᠭᠰᠠᠨ ᠴᠠᠭ ᠤᠨ ᠳᠣᠲᠣᠷ᠎ᠠ ᠰᠠᠯᠠᠭ᠎ᠠ

ᠮᠥᠴᠢᠷ ᠤᠨ ᠰᠢᠶᠠᠩ ᠪᠠᠯᠭᠠᠰᠤᠨ ᠳᠤ ᠬᠠᠮᠵᠢᠯᠴᠠᠬᠤ ᠴᠢᠬᠤᠯᠠᠲᠠᠢ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ

ᠡᠮᠬᠢᠯᠡᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠡᠨᠡ ᠬᠦ ᠠᠵᠢᠯ ᠢ ᠲᠡᠷᠡ

ᠶᠣᠰᠣᠭᠠᠷ ᠨᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠴᠢᠷᠮᠠᠶᠢᠨ ᠡᠭᠦᠳᠴᠦ᠂

ᠰᠠᠶᠢᠨ ᠰᠠᠶᠢᠬᠠᠨ ᠬᠡᠪ ᠳᠠᠭᠤᠷᠢᠶᠠᠯ ᠢ ᠪᠤᠢ ᠪᠣᠯᠭᠠᠵᠤ᠂ ᠬᠤᠶᠠᠳᠤᠭᠠᠷ ᠪᠦᠯᠦᠭ ᠤᠨ ᠡᠨᠡᠬᠦ ᠠᠵᠢᠯ ᠢ ᠪᠦᠬᠦ ᠲᠠᠯ᠎ᠠ ᠪᠠᠷ

ᠳᠡᠯᠭᠡᠷᠡᠭᠦᠯᠬᠦ ᠳᠤ ᠲᠤᠷᠰᠢᠯᠭ᠎ᠠ ᠶᠢ ᠳ᠋ᠦᠩᠨᠡᠬᠦ ᠬᠡᠷᠡᠭᠲᠡᠢ ᠭᠡᠵᠦ ᠴᠢᠬᠤᠯᠠᠴᠢᠯᠠᠪᠠ᠃

    ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ

ᠲᠦᠷᠦ ᠬᠠᠤᠯᠢ ᠴᠠᠭᠠᠵᠠ ᠶᠢᠨ ᠬᠤᠷᠢᠶ᠎ᠠ ᠵᠡᠷᠭᠡ ᠬᠠᠮᠵᠢᠯᠴᠠᠨ ᠲᠦᠷᠦᠭᠦᠯᠡᠬᠦ ᠨᠢᠭᠡᠴᠡ ᠶᠢᠨ ᠬᠠᠷᠢᠭᠤᠴᠠᠯᠭᠠᠲᠠᠨ ᠵᠢᠴᠢ

ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂

ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ

ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠰᠢᠶᠠᠩ ᠪᠠᠯᠭᠠᠰᠤᠨ ᠤ ᠰᠠᠯᠠᠭ᠎ᠠ ᠮᠥᠴᠢᠷ ᠤᠨ ᠭᠤᠣᠯ

ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠤᠷᠲᠤᠳᠬᠠᠪᠠ︔ ᠡᠯ᠎ᠡ ᠰᠢᠶᠠᠩ

ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ ᠭᠡᠰᠢᠭᠦᠨ ︵ᠪᠤᠶᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠱᠦᠵᠢ︶ ᠵᠢᠴᠢ ᠪᠣᠳᠠᠲᠠᠶ ᠠᠵᠢᠯᠲᠠᠨ︔ ᠲᠥᠪ ᠤᠨ

ᠣᠷᠣᠨ ᠲᠤᠭ᠎ᠠ ᠶᠢᠨ ᠠᠯᠪᠠᠨ ᠭᠡᠷ ᠬᠤᠸᠠᠳᠧ ᠰᠢᠶᠠᠨ ᠳᠤ ᠲᠤᠰᠢᠶᠠᠯ ᠡᠭᠦᠷᠭᠡᠯᠡᠬᠦ ᠪᠠ ᠦᠨᠳᠦᠰᠦᠨ ᠱᠠᠲᠤᠨ ᠳᠤ

ᠺᠠᠳ᠋ᠷ ᠢ ᠪᠣᠯᠪᠠᠰᠤᠷᠠᠭᠤᠯᠪᠠ︔ ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠪᠦᠬᠦ ᠺᠠᠳ᠋ᠷ

ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2