ᠴᠠᠩ ᠳ᠋ᠠ ᠸᠧᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/13

    10 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠰᠢᠶᠠᠨ ᠤ ᠬᠠᠷ᠎ᠠ

ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠠᠯᠪᠠᠨ ᠭᠡᠷ ᠲᠤ ᠭᠦᠨᠵᠡᠭᠡᠶᠢᠷᠡᠨ ᠬᠠᠷ᠎ᠠ ᠪᠦᠯᠦᠭᠲᠡᠨ

ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠭᠰᠠᠨ ᠠᠵᠢᠯ ᠢ ᠥᠷᠨᠢᠭᠦᠯᠦᠭᠰᠡᠨ ᠪᠠᠶᠢᠳᠠᠯ ᠳᠤ

ᠪᠠᠶᠢᠴᠠᠭᠠᠨ ᠰᠤᠳᠤᠯᠤᠯᠲᠠ ᠬᠢᠪᠡ᠃

    ᠪᠠᠶᠢᠴᠠᠭᠠᠨ ᠰᠤᠳᠤᠯᠤᠯᠲᠠ ᠶᠢᠨ ᠳᠤᠮᠳᠠ᠂ ᠴᠠᠩ ᠳ᠋ᠠ ᠸᠧᠢ ᠬᠠᠷᠢᠭᠤ ᠮᠡᠳᠡᠭᠦᠯᠦᠯᠲᠡ ᠰᠣᠨᠣᠰᠬᠤ᠂ ᠳᠣᠲᠣᠭᠠᠳᠤ

ᠦᠢᠯᠡᠰ ᠤᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠪᠦᠬᠦ ᠰᠢᠶᠠᠨ ᠤ ᠬᠠᠷ᠎ᠠ

ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠰᠢᠢᠳᠪᠦᠷᠢᠯᠡᠬᠦ

ᠶᠠᠪᠤᠴᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠰᠢᠶᠠᠨ ᠤ ᠬᠠᠷ᠎ᠠ ᠪᠦᠯᠦᠭᠲᠡᠨ ᠬᠠᠷᠭᠢᠰ

ᠬᠦᠴᠦᠨ ᠢ ᠠᠷᠢᠯᠭᠠᠬᠤ ᠠᠵᠢᠯ ᠤᠨ ᠠᠯᠪᠠᠨ ᠭᠡᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠤᠭᠰᠠᠨ

ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠵᠢᠯᠣᠭᠤᠳᠬᠤ

ᠰᠠᠨᠠᠯ ᠳᠤᠷᠠᠳᠴᠠᠢ᠃

    ᠴᠠᠩ ᠳ᠋ᠠ ᠸᠧᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠪᠣᠯ ᠨᠢᠭᠡ

ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ

ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ

ᠪᠠᠲᠤ ᠡᠭᠦᠷᠭᠡᠯᠡᠵᠦ᠂ ᠨᠡᠩ ᠡᠷᠡᠰ ᠪᠠᠲᠤ ᠣᠪᠣᠷ ᠪᠣᠯᠤᠨ ᠨᠡᠩ ᠬᠦᠴᠦᠲᠡᠢ ᠠᠵᠢᠯ ᠤᠨ ᠠᠷᠭ᠎ᠠ ᠬᠡᠮᠵᠢᠶ᠎ᠡ ᠪᠠᠷ ᠮᠠᠨ ᠤ

ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠭᠦᠨᠵᠡᠭᠡᠶᠢᠷᠡᠭᠦᠯᠦᠨ ᠥᠷᠨᠢᠭᠦᠯᠬᠦ ᠶᠢ

ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠦᠪᠡᠭᠴᠢ ᠶᠢ ᠰᠢᠢᠳᠪᠦᠷᠢᠯᠡᠬᠦ᠂ ᠠᠵᠢᠯ

ᠲᠦᠷᠦᠯ ᠢ ᠴᠡᠭᠴᠡᠯᠡᠨ ᠵᠠᠰᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ

ᠠᠳᠬᠤᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ

ᠲᠣᠬᠢᠲᠠᠢ ᠰᠢᠢᠳᠪᠦᠷᠢᠯᠡᠬᠦ ᠬᠡᠷᠡᠭᠲᠡᠢ᠃ ᠡᠬᠡ ᠲᠠᠩᠰᠠ ᠶᠢᠨ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ

ᠲᠡᠭᠦᠯᠳᠡᠷᠵᠢᠭᠦᠯᠵᠦ᠂ ᠭᠦᠢᠴᠡᠳ ᠪᠣᠳᠠᠲᠤ ᠬᠡᠷᠡᠭ ᠤᠨ ᠭᠡᠷᠡᠴᠢ ᠪᠠᠷᠢᠮᠲᠠ ᠪᠠᠷ ᠭᠡᠷᠡᠴᠢᠯᠡᠨ ᠬᠢᠨᠠᠨ ᠪᠠᠶᠢᠴᠠᠭᠠᠭᠰᠠᠨ

ᠳ᠋ᠦᠩᠨᠡᠯᠲᠡ ᠶᠢ ᠬᠠᠷᠭᠤᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠨᠢᠭᠡᠪᠦᠷᠢ

ᠬᠠᠤᠯᠢ ᠴᠠᠭᠠᠵᠠ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ

ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ

ᠴᠠᠭᠠᠵᠠ ᠶᠢᠨ ᠡᠩᠨᠡᠭᠡᠨ ᠤ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂

ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠢᠭᠡᠨ ᠰᠠᠯᠠᠭ᠎ᠠ ᠪᠠᠲᠤ

ᠴᠢᠩᠭ᠎ᠠ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ

ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠦᠭᠡᠢ

ᠠᠬᠢᠭᠤᠯᠬᠤ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2