ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ | ᠠᠬᠢᠭᠤᠯᠬᠤ ᠶᠢᠨ ᠲᠥᠯᠥᠭᠡ᠂ ᠪᠦᠬᠦ ᠪᠠᠯᠭᠠᠰᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠪᠠ᠃ 10 ᠰᠠᠷ᠎ᠠ ᠶᠢᠨ 12 ᠤᠨ ᠡᠳᠦᠷ᠂ ᠴᠤᠤᠶᠠᠩ ᠪᠠᠯᠭᠠᠰᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ | | ᠬᠤᠷᠠᠯ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠣᠳᠠᠲᠠᠢ ᠵᠦᠢᠯᠡᠰ ᠢ ᠪᠦᠬᠦ | ᠲᠠᠯ᠎ᠠ ᠪᠠᠷ ᠡᠮᠬᠢᠯᠡᠬᠦ ᠶᠢᠨ ᠬᠠᠮᠲᠤ ᠪᠣᠳᠠᠲᠠᠢ ᠡᠭᠦᠷᠭᠡ᠂ ᠴᠠᠭ ᠬᠤᠭᠤᠴᠠᠭ᠎ᠠ ᠪᠠ ᠶᠠᠰᠤ ᠴᠢᠨᠠᠷ ᠤᠨ ᠪᠠᠷᠢᠮᠵᠢᠶ᠎ᠠ ᠳᠤ | ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠭᠦᠨ ᠤ ᠬᠠᠮᠲᠤ᠂ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠥᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠡᠭᠦᠷᠭᠡ ᠶᠢ ᠠᠬᠢᠭᠤᠯᠬᠤ ᠳᠤ ᠬᠡᠰᠡᠭ ᠬᠤᠪᠢᠶᠠᠨ ᠵᠢᠯᠣᠭᠤᠳᠬᠤ ᠪᠣᠯᠤᠨ᠎ᠠ᠃ | ᠬᠤᠷᠠᠯ ᠠᠴᠠ᠂ ᠪᠦᠬᠦ ᠬᠥᠮᠦᠰ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ | ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠪᠠᠨ ᠡᠷᠢᠵᠦ᠂ ᠴᠠᠭ ᠲᠤᠬᠠᠢ ᠳᠤᠨᠢ ᠬᠠᠨᠳᠤᠯᠭᠠᠲᠤ | ᠴᠢᠨᠠᠷᠲᠠᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠃ ᠡᠯ᠎ᠡ ᠳᠠᠭᠠᠭᠠᠴᠢᠯᠠᠭᠰᠠᠨ ᠲᠣᠰᠬᠤᠨ ᠤ | ᠤᠳᠤᠷᠢᠳᠤᠯᠭ᠎ᠠ᠂ ᠨᠠᠮ ᠤᠨ ᠡᠭᠦᠷ ᠤᠨ ᠱᠦᠵᠢ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ | ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ | ᠬᠥᠳᠡᠯᠦᠯᠴᠡᠭᠰᠡᠨ᠂ ᠵᠡᠭᠦᠨ ᠪᠠᠷᠠᠭᠤᠨ ᠣᠷᠣᠨ ᠢᠶᠠᠷ ᠢᠶᠠᠨ ᠬᠠᠮᠵᠢᠯᠴᠠᠭᠰᠠᠨ ᠠᠵᠢᠯ ᠤᠨ ᠪᠠᠶᠢᠷᠢᠰᠢᠯ ᠢ ᠪᠠᠶᠢᠭᠤᠯᠵᠤ᠂ | ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠢᠯ ᠨᠢᠭᠡᠪᠦᠷᠢ᠂ ᠭᠤᠭᠴᠤᠭ᠎ᠠ ᠨᠢᠭᠡᠪᠦᠷᠢ ᠶᠢ | ᠲᠤᠰᠬᠠᠢ ᠬᠥᠮᠦᠨ ᠢᠶᠠᠷ ᠳᠠᠭᠠᠬᠤ ᠶᠢ ᠪᠠᠲᠤᠯᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ | ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠲᠣᠭᠲᠠᠭᠤᠨ ᠢᠶᠠᠷ ᠤᠷᠤᠭᠰᠢᠯᠠᠬᠤ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |