ᠡᠨᠡ ᠵᠢᠯ ᠠᠴᠠ ᠨᠠᠰᠢ᠂ ᠮᠠᠨ ᠤ ᠰᠢᠶᠠᠨ ᠤ ᠬᠢᠨᠠᠨ ᠪᠤᠳᠤᠬᠤ ᠲᠣᠪᠴᠢᠶ᠎ᠠ ︽ᠬᠢᠨᠠᠨ ᠪᠤᠳᠤᠬᠤ - ᠴᠡᠭᠴᠡᠯᠡᠨ | ᠰᠠᠶᠢᠵᠢᠷᠠᠭᠤᠯᠬᠤ - ᠵᠢᠷᠤᠮᠵᠢᠭᠤᠯᠬᠤ - ᠳᠡᠭᠡᠭᠰᠢᠯᠡᠭᠦᠯᠬᠦ︾ ᠡᠨᠡ ᠬᠦ ᠭᠤᠤᠯ ᠱᠤᠭᠤᠮ ᠤᠨ ᠲᠣᠭᠤᠷᠢᠨ ᠳᠤ᠂ ᠬᠢᠨᠠᠨ | ᠪᠤᠳᠤᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ ᠲᠦᠭᠵᠢᠷᠡᠯ ᠢ | ᠰᠢᠯᠤᠭᠤᠳᠬᠠᠨ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠠᠶᠢᠩᠭᠤ ᠶᠢᠨ ᠴᠢᠨᠠᠷᠲᠠᠶ ᠬᠦᠴᠢᠷᠳᠡᠯ ᠢ | ᠰᠢᠯᠤᠭᠤᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠠᠳᠠᠷᠠᠭᠤᠯᠬᠤ ᠳᠤ ᠬᠦᠴᠦᠨ | ᠨᠡᠮᠡᠷᠢᠯᠡᠪᠡ᠃ | ᠨᠢᠭᠡ ᠳᠤ᠂ ︽ᠬᠠᠷᠢᠭᠤᠯᠲᠠ ᠥᠭᠬᠦ︾ ᠰᠡᠳᠬᠢᠬᠦᠢ ᠶᠢ ᠪᠤᠢ ᠪᠣᠯᠭᠠᠵᠤ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ︽ᠨᠢᠭᠡ ᠬᠥᠯᠭᠡ ᠰᠢᠳᠠᠷ᠎ᠠ︾ ᠶᠢ ᠰᠠᠶᠢᠲᠤᠷ ᠲᠠᠯᠪᠢᠬᠤ ᠬᠡᠷᠡᠭᠲᠡᠢ᠃ ︽ᠠᠰᠠᠭᠤᠳᠠᠯ ᠡᠷᠢᠬᠦ︾ ᠪᠠ | ︽ᠰᠠᠶᠢᠨ ᠲᠠᠯ᠎ᠠ ᠨᠡᠭᠡᠭᠡᠬᠦ︾ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠵᠤ᠂ ︽ᠨᠠᠷᠢᠨ ᠪᠢᠴᠢᠭ ᠤᠨ ᠲᠠᠰᠤᠭ ᠤᠨ | ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠤᠳᠤᠬᠤ ᠨᠢᠭᠡᠴᠡ︾᠂ ︽ᠭᠤᠷᠪᠠ ᠶᠢ ᠨᠢᠭᠡ ᠴᠤᠭᠴᠠᠵᠢᠭᠤᠯᠬᠤ︾ ᠬᠢᠨᠠᠨ | ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠨᠠᠷᠢᠨ ᠪᠢᠴᠢᠭ ᠤᠨ ᠲᠠᠰᠤᠭ ᠤᠨ | ᠪᠥᠬᠦ ᠶᠠᠪᠤᠴᠠ ᠳᠤ ᠣᠷᠣᠯᠴᠠᠵᠤ᠂ ᠵᠢᠯᠣᠭᠤᠳᠤᠨ ᠠᠳᠬᠤᠵᠤ᠂ ᠬᠢᠨᠠᠨ ᠪᠤᠳᠤᠬᠤ ᠳᠤᠭᠤᠶᠢᠯᠠᠩ ᠪᠥᠬᠦ ᠲᠠᠯ᠎ᠠ ᠪᠠᠷ | ᠬᠠᠷᠢᠭᠤᠴᠠᠵᠤ᠂ ᠨᠠᠷᠢᠨ ᠬᠢᠨᠠᠮᠠᠭᠠᠶ ᠰᠤᠳᠤᠯᠤᠨ ᠮᠠᠭᠠᠳᠯᠠᠵᠤ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠯᠦᠭᠡ ᠬᠤᠤᠰ | ᠴᠢᠭᠯᠡᠯ ᠢᠶᠠᠷ ᠨᠡᠪᠲᠡᠷᠡᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠬᠢᠨᠠᠨ ᠪᠤᠳᠤᠵᠤ ᠢᠯᠡᠷᠡᠭᠦᠯᠦᠭᠰᠡᠨ | ᠠᠰᠠᠭᠤᠳᠠᠯ ᠤᠨ ᠨᠠᠷᠢᠯᠢᠭ ᠣᠨᠣᠴᠠᠲᠠᠶ ᠭᠦᠨᠵᠡᠭᠡᠶ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠨᠢ ᠪᠦᠲᠦᠮᠵᠢᠲᠡᠶ ᠪᠠᠶᠢᠬᠤ ᠳᠤ ᠴᠢᠭᠯᠡᠭᠦᠯᠪᠡ᠃ | ᠬᠤᠶᠠᠷ ᠲᠤ᠂ ︽ᠲᠠᠶᠢᠯᠬᠤ︾ ᠰᠡᠳᠬᠢᠬᠦᠶ ᠶᠢ ᠪᠣᠶ ᠪᠣᠯᠭᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ | ︽ᠬᠤᠷᠳᠤᠴᠠ ᠪᠠᠨ ᠲᠦᠷᠭᠡᠳᠬᠡᠬᠦ︾ ᠬᠡᠷᠡᠭᠲᠡᠶ᠃ ︽ᠵᠠᠮ ᠲᠠᠢ᠂ ᠠᠷᠭ᠎ᠠ ᠲᠠᠢ︾ ᠲᠤᠰᠬᠠᠶ ᠮᠡᠷᠭᠡᠵᠢᠯ ᠤᠨ ᠢᠲᠡᠭᠡᠯ ᠢ ᠴᠠᠭ | ᠢᠮᠠᠭᠲᠠ ᠪᠠᠲᠤᠯᠠᠵᠤ᠂ ᠰᠠᠨᠠᠭᠠᠴᠢᠯᠠᠭ᠎ᠠ ᠠᠴᠠ ᠪᠠᠨ ᠬᠢᠨᠠᠨ ᠪᠤᠳᠤᠯᠳᠠ ᠬᠢᠯᠭᠡᠭᠰᠡᠨ ᠨᠢᠭᠡᠴᠡ ᠶᠢᠨ ᠵᠣᠭᠰᠣᠴᠠ ᠠᠴᠠ | ᠬᠢᠨᠠᠨ ᠪᠤᠳᠤᠯᠳᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠰᠤᠳᠤᠯᠵᠤ ᠪᠠᠶᠢᠨ᠎ᠠ᠃ ︽ᠢᠷᠤᠭᠠᠷ ᠢ ᠨᠢ ᠲᠣᠳᠣᠷᠬᠠᠢ ᠣᠶᠢᠯᠠᠭᠠᠵᠤ᠂ ᠵᠥᠪ ᠲᠠᠯ᠎ᠠ ᠨᠡᠭᠡᠭᠡᠬᠦ︾ ᠶᠢᠨ ᠲᠣᠭᠤᠷᠢᠨ ᠳᠤ᠂ | ᠰᠢᠭᠦᠭᠳᠡᠵᠦ ᠪᠠᠶᠢᠭ᠎ᠠ ᠨᠢᠭᠡᠴᠢ ᠶᠢᠨ ︽ᠡᠪᠡᠳᠴᠢᠯᠡᠬᠦ ᠠᠴᠠ ᠡᠮᠦᠨ᠎ᠡ ᠤᠷᠢᠳ ᠢᠶᠠᠷ ᠰᠡᠷᠭᠡᠶᠢᠯᠡᠬᠦ᠂ ᠬᠢᠨᠠᠭᠠᠳᠤᠢ ᠪᠣᠯ | ᠤᠷᠢᠳ ᠢᠶᠠᠷ ᠥᠭᠡᠷᠡᠴᠢᠯᠡᠬᠦ︾ ᠶᠢ ᠵᠢᠯᠣᠭᠤᠳᠤᠨ᠎ᠠ᠃ ᠬᠢᠨᠠᠨ ᠪᠤᠳᠤᠬᠤ ᠰᠡᠳᠬᠢᠬᠦᠶ ᠪᠠᠷ ᠡᠯ᠎ᠡ ᠲᠥᠷᠥᠯ ᠤᠨ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠷᠰᠢ ᠰᠠᠭᠠᠳ ᠢ ᠠᠷᠢᠯᠭᠠᠵᠤ ᠥᠭᠭᠦᠨ᠎ᠡ᠃ | ᠭᠤᠷᠪᠠ ᠳᠤ᠂ ︽ᠰᠢᠯᠢᠳᠡᠭ ᠬᠠᠷᠢᠭᠤᠯᠲᠠ︾ ᠶᠢᠨ ᠰᠡᠳᠬᠢᠬᠦᠶ ᠶᠢ ᠪᠤᠢ ᠪᠣᠯᠭᠠᠵᠤ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ︽ᠬᠠᠲᠠᠭᠤ ᠪᠣᠳᠠᠲᠠᠶ ᠠᠷᠭ᠎ᠠ︾ ᠶᠢ ᠢᠯᠡᠷᠡᠭᠦᠯᠪᠡ᠃ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠥᠷᠥᠯ ᠬᠤᠪᠢᠶᠠᠬᠤ᠂ ᠲᠥᠷᠥᠯ ᠵᠦᠢᠯᠵᠢᠭᠦᠯᠬᠦ᠂ ᠨᠠᠷᠢᠨ | ᠲᠠᠩᠰᠠᠵᠢᠭᠤᠯᠬᠤ ᠶᠢ ᠠᠬᠢᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠠᠰᠠᠭᠤᠳᠠᠯ | ᠨᠢᠭᠡᠪᠦᠷᠢ ᠶᠢ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠡᠵᠡᠮᠳᠡᠵᠦ ᠪᠣᠯᠬᠤ᠂ ᠴᠡᠭᠴᠡᠯᠡᠨ ᠰᠠᠶᠢᠵᠢᠷᠠᠭᠤᠯᠬᠤ | ᠪᠠᠷᠢᠮᠵᠢᠶ᠎ᠠ ᠶᠢ ᠬᠠᠮᠤᠭ ᠤᠨ ᠥᠨᠳᠥᠷ ᠬᠠᠮᠤᠭ ᠤᠨ ᠰᠢᠯᠢᠳᠡᠭ ᠪᠠᠶᠢᠯᠭᠠᠬᠤ ᠶᠢ ᠦᠨᠡᠨᠬᠦ ᠪᠠᠲᠤᠯᠠᠵᠤ᠂ ᠣᠷᠳᠣ | ᠬᠤᠭᠤᠴᠠᠭ᠎ᠠ ᠪᠠᠷ ︽ᠳ᠋ᠤᠭᠠᠷᠯᠠᠬᠤ︾ ᠶᠢ ᠬᠤᠪᠢᠷᠠᠭᠤᠯᠬᠤ ᠥᠬᠡᠶ᠂ ᠰᠠᠶᠢᠵᠢᠷᠠᠭᠤᠯᠬᠤ ᠥᠬᠡᠶ ᠠᠰᠠᠭᠤᠳᠠᠯ ᠳᠤ | ᠴᠢᠭᠯᠡᠭᠦᠯᠦᠨ᠂ ᠪᠣᠯᠵᠣᠨ ᠶᠠᠷᠢᠯᠴᠠᠬᠤ᠂ ︽ᠨᠢᠭᠡ ᠳᠤ ᠨᠢᠭᠡ︾ ᠶᠢᠨ ᠵᠥᠪᠳᠡᠯᠴᠡᠨ ᠰᠤᠳᠤᠯᠤᠨ ᠮᠠᠭᠠᠳᠯᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢ ᠭᠡᠳᠡᠷᠭᠦ ᠰᠢᠬᠠᠮᠳᠠᠭᠤᠯᠵᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠤᠨ | ᠰᠢᠯᠢᠳᠡᠭ ᠰᠢᠢᠳᠪᠦᠷᠢᠯᠡᠬᠦ ᠲᠥᠰᠦᠯ ᠭᠠᠷᠭᠠᠯᠭᠠᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |