ᠦ᠋ ᠴᠢᠯᠠᠭᠤ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨ᠎ᠡ ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠨᠢᠭᠡᠳᠦᠭᠡᠷ ᠹᠷᠣᠨᠲ ᠤᠨ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/10/16

    ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 14 ᠤ ᠡᠳᠦᠷ᠂ ᠰᠢᠶᠠᠨ ᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠡᠦ ᠴᠢᠯᠠᠭᠤ

ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠨᠢᠭᠡᠳᠦᠭᠡᠷ ᠹᠷᠣᠨᠲ ᠤᠨ ᠠᠵᠢᠯᠳᠠᠨ ᠠᠵᠢᠯᠴᠢᠨ ᠢ ᠲᠣᠬᠤᠨᠢᠭᠤᠯᠵᠤ᠂

ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠬᠠᠯᠠᠮᠵᠢᠯᠠᠯ ᠬᠦᠷᠭᠡᠭᠰᠡᠨ ᠪᠥᠭᠡᠳ ᠲᠣᠬᠤᠨᠢᠭᠤᠯᠬᠤ ᠪᠣᠳᠠᠰ ᠬᠦᠷᠭᠡᠪᠡ᠃

    ᠲᠣᠬᠤᠨᠢᠭᠤᠯᠬᠤ ᠶᠠᠪᠤᠴᠠ ᠳᠤ᠂ ᠡᠦ ᠴᠢᠯᠠᠭᠤ ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠠᠵᠢᠯᠯᠠᠭᠠᠨ ᠤ ᠪᠠᠶᠢᠳᠠᠯ

ᠪᠣᠯᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠴᠠᠬᠢᠯᠭᠠᠨ ᠬᠠᠩᠭᠠᠬᠤ ᠶᠢ ᠪᠠᠲᠤᠯᠠᠬᠤ ᠠᠷᠭ᠎ᠠ ᠬᠡᠮᠵᠢᠶ᠎ᠡ ᠶᠢ ᠨᠠᠷᠢᠨ

ᠣᠶᠢᠯᠠᠭᠠᠭᠰᠠᠨ ᠪᠥᠭᠡᠳ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ

ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠬᠠᠯᠠᠮᠵᠢᠯᠠᠨ ᠠᠰᠠᠭᠤᠵᠤ᠂ ᠰᠢᠶᠠᠨ ᠤ ᠴᠠᠬᠢᠯᠭᠠᠨ

ᠬᠠᠩᠭᠠᠬᠤ ᠺᠣᠮᠫᠠᠨᠢ ᠶᠢᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ

ᠪᠠᠲᠤᠯᠠᠬᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠳᠤᠮᠳᠠ ᠭᠠᠷᠭᠠᠭᠰᠠᠨ ᠰᠢᠷᠭᠠᠭᠤ

ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃

    ᠲᠡᠷᠡ᠂ ᠴᠠᠬᠢᠯᠭᠠᠨ ᠬᠦᠴᠦᠨ ᠤ ᠬᠠᠩᠭᠠᠯᠭ᠎ᠠ ᠪᠣᠯ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠪᠣᠯᠤᠨ ᠠᠷᠠᠳ ᠤᠨ

ᠠᠮᠢᠳᠤᠷᠠᠯ ᠤᠨ ᠴᠢᠬᠤᠯᠠ ᠪᠠᠲᠤᠯᠠᠭ᠎ᠠ ᠮᠥᠨ᠂ ᠢᠯᠠᠩᠭᠤᠶ᠎ᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ

ᠬᠤᠭᠤᠴᠠᠭᠠᠨ ᠳᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠠᠵᠢᠯ ᠦᠢᠯᠡᠰ ᠢᠶᠠᠨ ᠳᠡᠭᠡᠳᠦᠯᠡᠬᠦ

ᠵᠣᠷᠢᠭ ᠰᠠᠨᠠᠭ᠎ᠠ ᠶᠢ ᠦᠷᠭᠦᠯᠵᠢᠯᠡᠨ ᠪᠠᠲᠤᠯᠠᠵᠤ᠂ ᠪᠦᠬᠦ ᠰᠢᠶᠠᠨ ᠤ ᠠᠷᠠᠳ ᠲᠦᠮᠡᠨ ᠳᠤ ᠨᠡᠩ ᠴᠢᠨᠠᠷ ᠰᠠᠶᠢᠲᠠᠢ᠂

ᠲᠣᠭᠲᠠᠭᠤᠨ᠂ ᠨᠠᠶᠢᠳᠠᠪᠤᠷᠢᠲᠠᠢ ᠴᠠᠬᠢᠯᠭᠠᠨ ᠬᠦᠴᠦᠨ ᠤ ᠦᠢᠯᠡᠴᠢᠯᠡᠭᠡ ᠬᠠᠩᠭᠠᠵᠤ᠂ ᠴᠠᠬᠢᠯᠭᠠᠨ ᠬᠦᠴᠦᠨ ᠤ ᠲᠣᠭᠲᠠᠭᠤᠨ

ᠬᠠᠩᠭᠠᠯᠭ᠎ᠠ ᠪᠣᠯᠤᠨ ᠠᠶᠤᠯᠭᠦᠢ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠦ ᠬᠡᠯᠡᠪᠡ᠃

    ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠬᠤᠷᠢᠶ᠎ᠠ᠂ ᠰᠢᠶᠠᠨ ᠤ ᠤᠯᠠᠭᠠᠨ ᠵᠠᠭᠠᠯᠮᠠᠶᠢᠲᠠᠨ ᠤ

ᠨᠡᠶᠢᠭᠡᠮᠯᠢᠭ ᠤᠨ ᠭᠤᠣᠯ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠪᠠ᠃

 

ᠢᠷᠡᠯᠲᠡ᠄ ᠠᠮᠢᠵᠢᠷᠠᠯ ᠤᠨ ᠬᠦᠴᠦᠨ ᠲᠠᠢ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2