ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ | ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 10 ᠰᠠᠷ᠎ᠠ ᠶᠢᠨ 10 ᠤ ᠡᠳᠦᠷ | ᠂ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ | ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠠᠵᠢᠯᠴᠢᠨ ᠤ ᠶᠡᠷᠦᠩᠬᠡᠢ ᠡᠪᠯᠡᠯ᠂ ᠯᠢᠶᠠᠨ ᠳ᠋ᠧ ᠡᠮᠨᠡᠯᠭᠡ ᠶᠢᠨ | ᠬᠤᠷᠢᠶ᠎ᠠ ᠵᠢᠴᠢ ᠭᠠᠨ ᡁᠢ ᠮᠧᠶ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠠᠢ ᠭᠠᠷ ᠬᠤᠯᠪᠣᠨ ︽ᠶᠢᠰᠦᠨ ᠰᠠᠷ᠎ᠠ ᠶᠢᠨ | ᠶᠢᠰᠦᠨ ᠤ ᠪᠠᠶᠠᠷ ᠢ ᠬᠠᠶᠢᠷᠠᠯᠠᠵᠤ᠂ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠶᠢ ᠬᠠᠮᠲᠤᠪᠠᠷ | ᠥᠷᠨᠢᠭᠦᠯᠵᠦ᠂ ᠪᠠᠶᠠᠨᠲᠠᠯ᠎ᠠ ᠰᠢᠶᠠᠩ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ | ᠨᠠᠰᠤᠲᠠᠶᠢᠴᠤᠳ ᠲᠤ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠬᠦᠷᠭᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠠᠶᠢᠷ᠎ᠠ ᠬᠠᠯᠠᠮᠵᠢ ᠤᠷᠬᠢᠯᠤᠮ᠎ᠠ ᠬᠠᠯᠠᠭᠤᠨ ᠳᠤᠯᠠᠭᠠᠨ ᠪᠠᠶᠢᠯ᠎ᠠ᠃ ᠰᠠᠶᠢᠨ | ᠳᠤᠷ᠎ᠠ ᠶᠢᠨ ᠦᠢᠯᠡᠴᠢᠯᠡᠭᠴᠢ ᠶᠢᠨ ᠶᠠᠭᠠᠷᠠᠯᠲᠠᠢ ᠪᠠᠷ᠎ᠠ ᠨᠢ ᠡᠯ᠎ᠡ ᠥᠨᠴᠥᠭ ᠪᠤᠯᠤᠩ ᠢᠶᠠᠷ ᠰᠦᠯᠵᠢᠯᠳᠦᠵᠦ᠂ ᠲᠡᠳᠡ | ᠨᠠᠰᠤᠲᠠᠨ ᠳᠤ ᠭᠡᠷ ᠪᠦᠯᠢ ᠶᠢᠨ ᠠᠷᠢᠭᠤᠨ ᠴᠡᠪᠡᠷ ᠢ ᠨᠠᠷᠢᠨ ᠨᠢᠮᠪᠠᠢ ᠴᠡᠪᠡᠷᠯᠡᠵᠦ᠂ ᠥᠨᠴᠥᠭ ᠪᠤᠯᠤᠩ ᠪᠣᠯᠭᠠᠨ ᠳᠤ ᠴᠦ | ᠲᠠᠯᠪᠢᠬᠤ ᠦᠭᠡᠢ ᠪᠠᠶᠢᠵᠤ᠂ ᠨᠠᠰᠤᠲᠠᠶᠢᠴᠤᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠣ ᠰᠢᠨ᠎ᠡ ᠪᠣᠯᠭᠠᠨ | ᠬᠤᠪᠢᠷᠠᠭᠤᠯᠪᠠ︔ ᠨᠠᠰᠤᠲᠠᠨ ᠳᠤ ᠦᠰᠦ ᠪᠠᠨ ᠨᠠᠷᠢᠨ ᠬᠢᠨᠠᠮᠠᠭᠠᠢ ᠵᠠᠰᠠᠵᠤ ᠥᠭᠪᠡ᠃ ᠡᠭᠦᠨ ᠠᠴᠠ ᠭᠠᠳᠠᠨ᠎ᠠ᠂ ᠰᠠᠶᠢᠨ | ᠳᠤᠷ᠎ᠠ ᠶᠢᠨ ᠦᠢᠯᠡᠴᠢᠯᠡᠭᠴᠢᠳ ᠪᠠᠰᠠ ᠨᠠᠰᠤᠲᠠᠶᠢᠴᠤᠳ ᠲᠤ ᠢᠳᠡᠭᠡᠨ ᠤᠮᠳᠠᠭᠠᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯᠯᠠᠭ᠎ᠠ ᠶᠢ ᠨᠠᠷᠢᠨ ᠨᠢᠮᠪᠠᠶ ᠥᠷᠨᠢᠭᠦᠯᠵᠦ ᠥᠭᠴᠡᠶ᠃ ᠲᠡᠳᠡ ᠬᠢᠯᠪᠠᠷ ᠣᠶᠢᠯᠠᠭᠠᠮᠵᠢᠲᠠᠶ᠂ ᠠᠮᠢᠳᠤᠯᠢᠭ | ᠳᠦᠷᠰᠦᠯᠢᠭ ᠦᠭᠡ ᠬᠡᠯᠡ ᠪᠠᠷ ᠨᠠᠰᠤᠲᠠᠶᠢᠴᠤᠳ ᠲᠤ ᠡᠷᠡᠭᠦᠯ ᠰᠠᠷᠠᠭᠤᠯ ᠢᠳᠡᠭᠡᠨ ᠤᠮᠳᠠᠭᠠᠨ ᠤ ᠴᠢᠬᠤᠯᠠ ᠴᠢᠨᠠᠷ ᠢ | ᠭᠦᠨᠵᠡᠭᠡᠶ ᠪᠥᠭᠡᠳ ᠣᠶᠢᠯᠠᠭᠠᠮᠵᠢᠲᠠᠶ ᠲᠠᠨᠢᠯᠴᠠᠭᠤᠯᠵᠤ᠂ ᠥᠪᠡᠷ ᠤᠨ ᠪᠡᠶ᠎ᠡ ᠶᠢᠨ ᠪᠠᠶᠢᠳᠠᠯ ᠢᠶᠠᠨ ᠬᠡᠷᠬᠢᠨ ᠦᠨᠳᠦᠰᠦᠯᠡᠨ ᠤᠷ᠎ᠠ | ᠠᠪᠢᠶᠠᠰ ᠲᠠᠢ ᠵᠦᠶ ᠵᠣᠬᠢᠰᠲᠠᠶ ᠵᠣᠬᠢᠴᠠᠭᠤᠯᠵᠤ᠂ ᠨᠠᠰᠤᠲᠠᠶᠢᠴᠤᠳ ᠮᠠᠰᠢ ᠠᠮᠲᠠᠲᠠᠶ ᠰᠣᠨᠣᠰᠴᠤ᠂ ᠪᠠᠶᠢᠨ ᠪᠠᠶᠢᠨ ᠲᠤᠯᠤᠭᠠᠢ | ᠲᠤᠬᠢᠨ ᠵᠥᠪᠰᠢᠶᠡᠷᠡᠵᠦ ᠪᠠᠶᠢᠬᠤ ᠪᠠᠨ ᠢᠯᠡᠳᠬᠡᠵᠡᠢ᠃ | ᠨᠢᠭᠡ ᠲᠠᠯ᠎ᠠ ᠶᠢᠨ ᠡᠮᠴᠢ ᠰᠤᠪᠢᠯᠠᠭᠴᠢᠳ ᠪᠠᠰᠠ ᠰᠤᠯᠠ ᠪᠠᠶᠢᠬᠤ ᠦᠭᠡᠢ᠂ ᠲᠡᠳᠡ ᠲᠤᠰᠬᠠᠢ ᠵᠢᠷᠤᠮ ᠤᠨ ᠡᠮᠴᠢᠯᠡᠭᠡᠨ ᠤ | ᠴᠡᠭ ᠭᠠᠷᠭᠠᠵᠤ᠂ ᠨᠠᠰᠤᠲᠠᠶᠢᠴᠤᠳ ᠲᠤ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠪᠡ᠃ ᠨᠠᠰᠤᠲᠠᠨ ᠤ ᠡᠪᠡᠳᠴᠢᠨ ᠤ | ᠲᠡᠦᠬᠡ ᠶᠢ ᠨᠠᠷᠢᠨ ᠠᠰᠠᠭᠤᠵᠤ᠂ ᠲᠡᠳᠡᠨ ᠤ ᠡᠷᠡᠭᠦᠯ ᠮᠡᠨᠳᠦ ᠶᠢᠨ ᠲᠤᠬᠠᠶ ᠡᠯ᠎ᠡ ᠵᠦᠢᠯ ᠤᠨ ᠮᠠᠳᠠᠭ ᠲᠠᠢ ᠠᠰᠠᠭᠤᠯᠲᠠ ᠂ | ᠲᠤᠰᠬᠠᠶ ᠮᠡᠷᠭᠡᠵᠢᠯ ᠤᠨ ᠣᠪᠣᠷ ᠪᠠ ᠳᠣᠲᠣᠨᠣ ᠦᠭᠡ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠨᠠᠰᠤᠲᠠᠶᠢᠴᠤᠳ ᠤᠨ | ᠡᠷᠡᠭᠦᠯ ᠮᠡᠨᠳᠦ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠨᠠᠶᠢᠳᠠᠪᠤᠷᠢᠲᠠᠶ ᠲᠤᠰᠬᠠᠶ ᠮᠡᠷᠭᠡᠵᠢᠯ ᠤᠨ | ᠪᠠᠲᠤᠯᠠᠭ᠎ᠠ ᠬᠠᠩᠭᠠᠭᠰᠠᠨ ᠪᠠᠶᠢᠨ᠎ᠠ᠃ | ᠪᠠᠶᠠᠨᠲᠠᠯ᠎ᠠ ᠰᠢᠶᠠᠩ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠦ᠋ ᠴᠧᠩ ᠧ ᠨᠠᠰᠤᠲᠠᠨ | ᠰᠡᠳᠬᠢᠯ ᠳᠣᠭᠳᠣᠯᠤᠨ᠄ ︽ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠰᠢᠯ ᠵᠦᠯᠭᠦᠵᠦ᠂ ᠪᠠᠰᠠ ᠭᠡᠷ ᠢᠶᠠᠨ ᠴᠡᠪᠡᠷᠯᠡᠨ᠂ | ᠪᠠᠰᠠ ᠳᠠᠩ ᠴᠤᠯᠭᠤᠢ ᠪᠣᠯᠵᠠᠢ᠂ ᠦᠢᠯᠡᠴᠢᠯᠡᠬᠦ ᠣᠪᠣᠷ ᠨᠢ ᠮᠠᠰᠢ ᠰᠠᠶᠢᠨ ᠪᠣᠯᠵᠠᠢ᠂ ᠶᠠᠭᠤ ᠶᠢ ᠴᠤ ᠪᠦᠷ ᠰᠠᠶᠢᠨ ᠵᠦᠯᠭᠦᠵᠦ᠂ | ᠭᠡᠷ ᠢᠶᠠᠨ ᠰᠠᠶᠢᠲᠤᠷ ᠱᠦᠭᠦᠷᠳᠡᠨ ᠴᠡᠪᠡᠷᠯᠡᠵᠦ᠂ ᠪᠢᠳᠡᠨ ᠳᠤ ᠭᠡᠵᠢᠭᠡ ᠵᠠᠰᠠᠵᠤ ᠥᠭᠴᠡᠢ᠂ ᠶᠡᠭᠡ ᠰᠠᠶᠢᠨ ᠵᠠᠰᠠᠵᠠᠢ᠂ ᠪᠠᠰᠠ | ᠨᠠᠰᠤᠲᠠᠶᠢᠴᠤᠳ ᠲᠤ ᠡᠪᠡᠳᠴᠢᠨ ᠦᠵᠡᠭᠦᠯᠵᠦ ᠪᠠᠶᠢᠨ᠎ᠠ᠂ ᠪᠢᠳᠡᠨ ᠤ ᠡᠳᠡᠭᠡᠷ ᠨᠠᠰᠤᠲᠠᠳ ᠢ ᠣᠨᠴᠠᠭᠠᠶᠢᠯᠠᠨ ᠬᠠᠯᠠᠮᠵᠢᠯᠠᠵᠤ | ᠪᠠᠶᠢᠨ᠎ᠠ︾ ᠭᠡᠵᠦ ᠰᠡᠳᠬᠢᠯ ᠳᠣᠭᠳᠣᠯᠤᠨ ᠬᠡᠯᠡᠪᠡ᠃ | ᠳᠣᠲᠣᠨᠣ ᠮᠡᠨᠳᠦᠴᠢᠯᠡᠯ ᠬᠥᠮᠦᠨ ᠤ ᠰᠡᠳᠬᠢᠯ ᠢ ᠳᠤᠯᠠᠭᠠᠴᠠᠭᠤᠯᠵᠤ᠂ ᠴᠢᠩ ᠦᠨᠡᠨᠴᠢ ᠬᠦᠰᠡᠯ ᠨᠠᠶᠢᠳᠠᠯᠭ᠎ᠠ ᠶᠢ ᠴᠢᠩ | ᠰᠡᠳᠬᠢᠯ ᠠᠴᠠ ᠪᠠᠨ ᠳᠠᠮᠵᠢᠭᠤᠯᠤᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ | ᠲᠡᠳᠡᠨ ᠤ ᠡᠳᠦᠷ ᠲᠤᠲᠤᠮ ᠤᠨ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ | ᠤᠯᠠᠷᠢᠯ ᠰᠣᠯᠢᠬᠤ ᠤᠯᠠᠷᠢᠯ ᠳᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠣᠨᠴᠠ ᠠᠩᠬᠠᠷᠴᠤ᠂ ᠨᠠᠰᠤᠲᠠᠶᠢᠴᠤᠳ ᠤᠨ | ᠬᠦᠴᠢᠷᠳᠡᠯ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠯᠠᠪᠯᠠᠨ ᠠᠰᠠᠭᠤᠬᠤ ᠶᠢᠨ ᠬᠠᠮᠲᠤ ᠰᠠᠶᠢᠨ ᠰᠠᠶᠢᠬᠠᠨ ᠵᠥᠩᠨᠡᠯ ᠪᠠ | ᠨᠠᠷᠢᠨ ᠨᠢᠮᠪᠠᠶ ᠪᠡᠯᠡᠳᠬᠡᠭᠰᠡᠨ ᠲᠣᠬᠤᠨᠢᠭᠤᠯᠬᠤ ᠪᠣᠳᠠᠰ ᠬᠦᠷᠭᠡᠭᠰᠡᠨ ᠪᠠᠶᠢᠨ᠎ᠠ᠃ ᠨᠠᠰᠤᠲᠠᠶᠢᠴᠤᠳ ᠤᠨ ᠴᠢᠷᠠᠶ ᠳᠤ ᠵᠣᠯ | ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠲᠤᠬᠠᠶ ᠶᠢᠨ ᠲᠠᠯᠠᠪᠠᠢ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠪᠢᠯᠬᠠᠵᠠᠢ᠃ | ︽ᠶᠢᠰᠦᠨ ᠰᠠᠷ᠎ᠠ ᠶᠢᠨ ᠶᠢᠰᠦᠨ ᠤ ᠪᠠᠶᠠᠷ - ᠪᠠᠰᠠ ︿ᠬᠤᠣᠰ ᠶᠢᠰᠦᠨ ᠤ ᠪᠠᠶᠠᠷ﹀᠂ ︿ᠨᠠᠰᠤᠲᠠᠶᠢᠴᠤᠳ ᠤᠨ ᠪᠠᠶᠠᠷ﹀ | ᠭᠡᠳᠡᠭ᠂ ᠡᠷᠲᠡᠨ ᠠᠴᠠ ᠠᠪᠤᠭᠠᠳ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ | ᠬᠠᠪᠰᠤᠷᠬᠤ ᠪᠠᠶᠠᠷ ᠤᠨ ᠡᠳᠦᠷ ᠪᠣᠯᠣᠨ᠎ᠠ᠃ ᠡᠨᠡᠬᠦ ᠣᠨᠴᠠᠭᠠᠢ ᠡᠳᠦᠷ ᠲᠤ᠂ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ | ᠠᠵᠢᠯ ᠤᠨ ᠬᠡᠯᠲᠡᠰ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠡᠪᠯᠡᠯ ᠤᠨ | ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ᠂ ᠪᠠᠰᠠ ᠮᠠᠰᠢ ᠤᠯᠠᠨ | ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ | ᠦᠰᠦ ᠵᠠᠰᠠᠵᠤ᠂ ᠠᠷᠢᠭᠤᠨ ᠴᠡᠪᠡᠷ᠂ ᠠᠯᠪᠠᠨ ᠵᠢᠷᠤᠮ ᠤᠨ ᠡᠮᠴᠢᠯᠡᠭᠡ ᠬᠢᠵᠦ ᠥᠭᠴᠡᠢ᠃ ᠰᠢᠶᠠᠨ ᠤ ᠨᠠᠮ ᠤᠨ ᠬᠤᠷᠢᠶᠠᠨ ᠤ | ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠵᠣᠣ ᠸᠧᠨ ᠸᠧᠨ ᠭᠦᠨ ᠰᠡᠳᠬᠢᠯᠭᠡ ᠲᠠᠢ ᠪᠠᠷ ᠬᠡᠯᠡᠬᠦ ᠳᠡᠭᠡᠨ᠂ | ᠡᠲᠡᠭᠡᠷ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ | ᠤᠯᠠᠮᠵᠢᠯᠠᠯᠲᠤ ᠰᠠᠶᠢᠬᠠᠨ ᠰᠤᠷᠲᠠᠯ ᠢ ᠭᠦᠶ᠋ᠴᠡᠳ ᠬᠠᠷᠠᠭᠤᠯᠵᠤ ᠪᠠᠶᠢᠨ᠎ᠠ᠂ ᠪᠢᠳᠡ ᠡᠲᠡᠭᠡᠷ ᠠᠵᠢᠯᠯᠠᠭ᠎ᠠ ᠪᠠᠷ ᠳᠠᠮᠵᠢᠭᠤᠯᠤᠨ | ᠡᠨᠡ ᠬᠦ ᠰᠠᠶᠢᠬᠠᠨ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠳᠬᠡᠬᠦ | ᠰᠤᠷᠲᠠᠯ ᠢ ᠬᠤᠸᠠᠳᠧ ᠶᠢᠨ ᠡᠬᠡ ᠭᠠᠵᠠᠷ ᠲᠤ ᠬᠡᠪ ᠵᠠᠩᠰᠢᠯ ᠪᠣᠯᠭᠠᠵᠤ᠂ ᠨᠠᠰᠤᠲᠠᠶᠢᠴᠤᠳ ᠨᠢᠭᠡᠪᠦᠷᠢ ᠳᠤ ᠨᠡᠶᠢᠭᠡᠮ ᠤᠨ | ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠶ ᠭᠡᠵᠡᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | | |