ᠬᠤᠸᠠᠳᠧ ᠰᠢᠶᠠᠨ᠄ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠲᠠᠷᠢᠶᠠᠨ ᠭᠠᠵᠠᠷ ᠲᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/26

    ︽ᠡᠳᠡᠭᠡᠷ ᠲᠤᠷᠰᠢᠯᠲᠠ ᠶᠢᠨ ᠲᠠᠷᠢᠶ᠎ᠠ ᠪᠣᠯ ᠬᠦᠰᠡᠯ ᠡᠷᠡᠮᠡᠯᠵᠡᠯ ᠤᠨ ᠲᠠᠷᠢᠶ᠎ᠠ ᠮᠥᠨ᠂ ᠬᠠᠪᠰᠤᠷᠤᠨ ᠲᠡᠳᠬᠦᠬᠦ ᠺᠠᠳ᠋ᠷ᠂

ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ᠂ ᠨᠤᠲᠤᠭ ᠤᠨ ᠠᠬ᠎ᠠ ᠳᠡᠭᠦᠦ ᠨᠡᠷ ᠤᠨ ᠲᠣᠰᠬᠤᠨ ᠤ ᠠᠷᠠᠳ

ᠰᠡᠳᠬᠢᠯ ᠨᠢᠭᠡᠳᠦᠨ ᠬᠦᠴᠦ ᠪᠠᠨ ᠬᠠᠮᠲᠤᠳᠬᠠᠪᠠᠯ ᠰᠠᠶ᠋ᠢ ᠰᠣᠩᠭᠢᠨ᠎ᠠ ᠶᠢᠨ ᠴᠢᠬᠢ᠂ ᠡᠯᠪᠡᠭ ᠪᠠᠶᠠᠯᠢᠭ ᠦᠷ᠎ᠡ ᠪᠦᠲᠦᠭᠡᠯ

ᠣᠯᠵᠠᠢ︾ ᠬᠡᠵᠡᠢ᠃ ᠣᠶᠢᠷ᠎ᠠ ᠳᠤ᠂ ᠲᠥᠪ ᠤᠨ ᠣᠷᠣᠨ ᠲᠤᠭ᠎ᠠ ᠶᠢᠨ ᠠᠯᠪᠠᠨ ᠬᠡᠷ ᠴᠡᠭ ᠲᠣᠭᠲᠠᠭᠠᠨ ᠡᠮᠦᠨ᠎ᠡ ᠲᠠᠯ᠎ᠠ ᠶᠢᠨ

ᠨᠠᠮ ᠤᠨ ᠳᠤᠭᠤᠶᠢᠯᠠᠩ ᠢ ᠬᠠᠪᠰᠤᠷᠤᠨ ᠲᠡᠳᠬᠦᠵᠦ ︽ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ︾ ᠤᠨ ᠬᠡᠯᠪᠡᠷᠢ ᠪᠠᠷ

ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠰᠤᠷᠤᠭᠴᠢᠳ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠯ ᠰᠠᠨᠠᠭ᠎ᠠ ᠤᠯᠤᠰ ᠲᠥᠷᠥ ᠶᠢᠨ ᠠᠮᠢᠳᠤᠯᠢᠭ

ᠬᠢᠴᠢᠶᠡᠯ ᠣᠷᠣᠪᠠ᠃

    ᠬᠤᠧᠳᠧ ᠰᠢᠶᠠᠨᠢ ᠨᠢ ᠲᠥᠪ ᠤᠨ ᠣᠷᠣᠨ ᠲᠣᠭᠠᠨ ᠤ ᠠᠯᠪᠠᠨ ᠭᠡᠷ ᠤᠨ ᠴᠡᠭ ᠲᠣᠭᠲᠠᠭᠠᠨ ᠬᠠᠪᠰᠤᠷᠤᠨ ᠲᠡᠳᠭᠦᠬᠦ

ᠱᠢᠶᠠᠩ᠃ ᠤᠢᠢᠷ᠎ᠠ ᠶᠢᠨ ᠵᠢᠯ ᠠᠴᠠ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠴᠡᠭ ᠲᠣᠭᠲᠠᠭᠠᠨ ᠬᠠᠪᠰᠤᠷᠤᠨ

ᠲᠡᠳᠬᠦᠬᠦ ᠡᠮᠦᠨ᠎ᠡ ᠲᠠᠯ᠎ᠠ ᠶᠢᠨ ᠨᠠᠮ ᠤᠨ ᠳᠤᠭᠤᠶᠢᠯᠠᠩ ᠨᠢ ᠰᠤᠷᠭᠠᠨ ᠬᠥᠮᠦᠵᠢᠯ ᠤᠨ ︽ᠪᠦᠯᠬᠦᠮ ᠪᠠᠶᠢᠭᠤᠯᠬᠤ ᠬᠡᠯᠪᠡᠷᠢ︾

 ᠶᠢᠨ ᠬᠠᠪᠰᠤᠷᠤᠨ ᠲᠡᠳᠬᠦᠬᠦ ᠠᠵᠢᠯ ᠲᠠᠢ ᠤᠶᠠᠯᠳᠤᠭᠤᠯᠵᠤ᠂ ᠬᠤᠸᠠᠳᠧ ᠰᠢᠶᠠᠨ ᠳᠤ ᠬᠠᠪᠰᠤᠷᠤᠨ ᠲᠡᠳᠬᠦᠬᠦ ᠭᠤᠣᠯ

ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠶᠢᠨ ᠦᠷ᠎ᠡ ᠪᠦᠲᠦᠮᠵᠢ ᠣᠯᠵᠠᠢ᠃

    ᠬᠤᠸᠠᠳᠧ ᠰᠢᠶᠠᠨ ᠤ ᠪᠤᠯᠤᠩ ᠤᠨ ᠲᠤᠬᠤᠢ ᠲᠣᠰᠬᠤᠨ ᠳᠤ ᠬᠦᠷᠬᠦ ᠳᠤ᠂ ᠲᠣᠰᠬᠤᠨ ᠤ ᠳᠣᠲᠣᠷᠠᠬᠢ ᠠᠯᠳᠠᠨ ᠰᠢᠷᠭᠠᠯ

ᠬᠥᠳᠡᠭᠡ ᠬᠡᠭᠡᠷ᠎ᠡ ᠶᠠᠭ ᠨᠠᠮᠤᠷ ᠤᠨ ᠬᠤᠷᠢᠶᠠᠯᠲᠠ ᠶᠢ ᠬᠦᠯᠢᠶᠡᠵᠦ ᠪᠠᠶᠢᠨ᠎ᠠ᠃ ︽ᠲᠠᠷᠢᠶᠠᠨ ᠭᠠᠵᠠᠷ ᠤᠨ ᠬᠢᠴᠢᠶᠡᠯ ᠤᠨ

ᠲᠠᠩᠬᠢᠮ︾ ᠶᠠᠭ ᠡᠨᠡ ᠬᠦ ᠲᠤᠷᠰᠢᠯᠲᠠ ᠶᠢᠨ ᠲᠠᠷᠢᠶᠠᠨ ᠳᠤ ᠶᠠᠪᠤᠭᠳᠠᠵᠤ᠂ ᠬᠤᠸᠠᠳᠧ ᠰᠢᠶᠠᠨ ᠤ ᠠᠵᠢᠯ ᠮᠡᠷᠭᠡᠵᠢᠯ ᠤᠨ

ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠡᠯᠪᠡᠭ ᠪᠠᠶᠠᠯᠢᠭ ᠠᠯᠲᠠᠨ ᠰᠢᠷᠭᠠᠯ ᠡᠷᠳᠡᠨᠢ ᠰᠢᠰᠢ ᠶᠢ

ᠬᠠᠷᠠᠵᠤ ᠦᠰᠦᠷᠴᠦ ᠲᠤᠷᠰᠢᠪᠠ᠃

    ᠲᠤᠷᠰᠢᠯᠲᠠ ᠶᠢᠨ ᠲᠠᠷᠢᠶ᠎ᠠ ᠦᠵᠡᠬᠦ ᠨᠢ ᠡᠩ ᠤᠨ ᠰᠢᠭ᠋ ᠪᠣᠯᠪᠠᠴᠤ ᠦᠨᠡᠨ ᠪᠣᠳᠠᠲᠠᠶ ︽ᠬᠠᠮᠲᠤ ᠪᠠᠷ ᠡᠭᠦᠳᠦᠭᠰᠡᠨ ᠦᠷ᠎ᠡ

ᠪᠦᠲᠦᠭᠡᠯ︾ ᠮᠥᠨ᠃ ᠲᠥᠪ ᠤᠨ ᠣᠷᠣᠨ ᠲᠤᠭ᠎ᠠ ᠶᠢᠨ ᠠᠯᠪᠠᠨ ᠬᠡᠷ ᠠᠴᠠ ︽ᠪᠦᠯᠬᠦᠮ ᠪᠠᠶᠢᠭᠤᠯᠬᠤ ᠬᠡᠯᠪᠡᠷᠢ︾ ᠶᠢᠨ

ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠲᠡᠳᠬᠦᠬᠦ ᠲᠤᠰᠬᠠᠶ ᠮᠡᠷᠭᠡᠵᠢᠯᠲᠡᠨ ᠢ ᠵᠣᠬᠢᠴᠠᠭᠤᠯᠤᠨ ᠰᠢᠨᠵᠢᠯᠡᠬᠦ

ᠤᠬᠠᠭᠠᠨᠴᠢ ᠪᠠᠷ ᠵᠢᠯᠣᠭᠤᠳᠴᠤ᠂ ᠤᠰᠤ ᠠᠷᠪᠢᠯᠠᠬᠤ ᠲᠠᠷᠢᠮᠠᠯ ᠤᠨ ᠪᠦᠲᠦᠴᠡ᠂ ᠭᠠᠷ ᠭᠠᠷ ᠢᠶᠠᠨ ᠲᠣᠰᠬᠤᠨ ᠤ ᠠᠷᠠᠳ ᠲᠤ

ᠵᠢᠭᠠᠨ ᠰᠤᠷᠭᠠᠬᠤ ᠰᠢᠨ᠎ᠡ ᠮᠡᠷᠭᠡᠵᠢᠯ ᠢ ᠬᠠᠶᠢᠨ ᠰᠦᠪᠡᠭᠴᠢᠯᠡᠵᠦ᠂ ︽ᠰᠢᠨ᠎ᠡ ᠣᠨᠣᠯᠵᠢᠬᠤᠨ︾ ᠪᠠ ︽ᠬᠠᠭᠤᠴᠢᠨ ᠪᠠᠷᠢᠬᠤ︾

ᠲᠠᠷᠢᠶᠠᠨ ᠭᠠᠵᠠᠷ ᠲᠤ ᠰᠢᠨ᠎ᠡ ᠶᠢ ᠡᠭᠦᠳᠦᠨ ᠠᠭᠤᠰᠤᠯᠴᠠᠭᠤᠯᠤᠨ᠎ᠠ᠃ ᠡᠨᠡ ᠬᠦ ᠲᠤᠷᠰᠢᠯᠲᠠ ᠶᠢᠨ ᠲᠠᠷᠢᠶ᠎ᠠ ᠶᠢ ᠰᠠᠶᠢᠲᠤᠷ

ᠳᠠᠷᠢᠬᠤ ᠶᠢᠨ ᠲᠥᠯᠥᠭᠡ᠂ ᠺᠠᠳ᠋ᠷ ᠲᠣᠰᠬᠤᠨ ᠤ ᠠᠷᠠᠳ ᠪᠠᠶᠢᠯᠳᠤᠭᠠᠨ ᠳᠤ ᠣᠷᠣᠯᠴᠠᠵᠤ᠂ ᠤᠰᠤᠯᠠᠵᠤ᠂ ᠪᠤᠷᠳᠤᠭᠤᠷ

ᠳᠠᠷᠤᠵᠤ᠂ ᠬᠤᠷᠣᠬᠠᠢ ᠶᠢ ᠬᠥᠭᠡᠭᠡᠨ ᠭᠠᠷᠭᠠᠵᠤ᠂ ᠪᠣᠷᠣᠭᠠᠨ ᠤᠰᠤᠲᠤᠯ ᠤᠨ ᠥᠷᠢᠰᠥᠯᠳᠦᠭᠡᠨ ᠳᠤ ᠲᠤᠯᠭᠠᠷᠠᠭᠰᠠᠨ ᠴᠤ

ᠲᠠᠷᠢᠶᠠᠨ ᠭᠠᠵᠠᠷ ᠢᠭᠴᠤ ᠰᠠᠬᠤᠯᠢᠭ ᠤᠷᠭᠤᠵᠤ᠂ ᠡᠯᠪᠡᠭ ᠦᠷ᠎ᠡ ᠪᠦᠲᠦᠭᠡᠯ ᠤᠯᠪᠠ᠃

    ᠡᠷᠳᠡᠨᠢ ᠰᠢᠰᠢ ᠶᠢ ᠬᠤᠭᠤᠯᠬᠤ᠂ ᠮᠠᠳᠠᠢ ᠡᠭᠦᠷᠬᠦ᠂ ᠬᠤᠷᠳᠤᠨ ᠴᠠᠭᠠᠳᠬᠠᠬᠤ ᠳᠤ᠂ ᠰᠤᠷᠤᠭᠴᠢᠳ ᠲᠤᠷᠰᠢᠯᠲᠠ ᠶᠢᠨ

ᠲᠠᠷᠢᠶᠠᠨ ᠳᠤᠮᠳᠠᠭᠤᠷ ᠰᠦᠯᠵᠢᠯᠳᠦᠨ᠂ ᠶᠠᠭᠠᠷᠠᠤ ᠰᠠᠨᠳᠤᠷᠤᠤ ᠠᠮᠢᠳᠤᠷᠠᠵᠤ ᠪᠠᠶᠢᠯ᠎ᠠ᠃ ︽ᠮᠢᠨᠦ ᠡᠨᠡ ᠤᠭᠤᠲᠠ ᠳᠦᠭᠦᠷᠴᠡᠢ

︕︾ ᠪᠠᠰᠠ ᠨᠢᠭᠡ ᠮᠠᠳᠠᠢ ᠠᠪᠤᠶ᠎ᠠ︕︾ ᠭᠡᠪᠡ᠃ ︽ᠪᠢᠳᠡ ᠬᠤᠶᠠᠷ ᠤᠨ ᠠᠳᠠᠯᠢᠳᠬᠠᠪᠠᠯ ᠬᠡᠨ ᠨᠢ ᠬᠤᠷᠳᠤᠨ ᠶᠤᠮ ᠳ᠋ᠠ

︕︾ ᠬᠤᠷᠳᠤᠨ ᠴᠠᠭᠠᠨ ᠬᠤᠷᠭᠤ ᠠᠴᠠ ᠪᠣᠯᠭᠤᠮᠵᠢᠯᠠ ᠰᠤᠷᠤᠭᠴᠢᠳ ᠬᠠᠷᠢᠯᠴᠠᠨ ᠴᠢᠷᠮᠠᠶᠢᠨ ᠡᠷᠴᠢ ᠵᠣᠷᠢᠭ ᠢᠶᠠᠨ

ᠬᠥᠪᠴᠢᠯᠡᠵᠦ᠂ ᠵᠣᠪᠠᠭᠤᠷᠢ ᠵᠦᠳᠡᠭᠦᠷᠢ ᠶᠢ ᠳᠠᠭᠤᠳᠠᠬᠤ ᠦᠭᠡᠢ᠂ ᠶᠠᠳᠠᠷᠠᠬᠤ ᠦᠭᠡᠢ᠂ ᠳᠠᠶᠢᠴᠢᠨ ᠬᠦᠴᠦᠨ ᠭᠦᠢᠴᠡᠳ

ᠪᠠᠶᠢᠨ᠎ᠠ᠃

    ᠤᠳᠠᠯ ᠦᠭᠡᠢ ᠲᠤᠷᠰᠢᠯᠲᠠ ᠶᠢᠨ ᠲᠠᠷᠢᠶᠠᠨ ᠤ ᠬᠠᠵᠠᠭᠤ ᠳᠤ ᠬᠥᠳᠡᠯᠮᠦᠷᠢ ᠶᠢᠨ ᠦᠷ᠎ᠡ ᠪᠦᠲᠦᠭᠡᠯ ᠳᠦᠭᠦᠷᠴᠡᠢ᠃

ᠬᠠᠪᠰᠤᠷᠤᠨ ᠲᠡᠳᠬᠦᠬᠦ ᠺᠠᠳ᠋ᠷᠴᠤᠳ ᠪᠠᠭᠰᠢ ᠰᠤᠷᠤᠭᠴᠢᠳ ᠲᠠᠢ ᠲᠠᠷᠢᠶᠠᠨ ᠭᠠᠵᠠᠷ ᠲᠤ ᠲᠣᠭᠤᠷᠢᠨ ᠰᠠᠭᠤᠵᠤ᠂ ᠬᠥᠳᠡᠯᠮᠦᠷᠢ

ᠪᠠ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠰᠣᠯᠢᠯᠴᠠᠨ ᠬᠤᠪᠢᠶᠠᠯᠴᠠᠪᠠ᠃ ᠮᠠᠰᠢ ᠣᠯᠠᠨ ᠰᠤᠷᠤᠭᠴᠢᠳ ᠪᠦᠷ ᠠᠩᠬ᠎ᠠ

ᠤᠳᠠᠭ᠎ᠠ ᠲᠠᠷᠢᠶᠠᠯᠠᠩ ᠤᠨ ᠠᠵᠢᠯ ᠬᠢᠵᠡᠶ᠂ ᠰᠢᠨ᠎ᠡ ᠰᠡᠪᠡᠭᠦᠨ ᠲᠥᠷᠥᠭᠳᠡᠯ ᠠᠴᠠ ᠭᠠᠳᠠᠨ᠎ᠠ᠂ ᠨᠠᠩ ᠣᠯᠠᠨ ᠨᠢ ᠬᠥᠳᠡᠯᠮᠦᠷᠢ

ᠶᠠᠳᠠᠷᠠᠯ ᠵᠦᠳᠡᠷᠡᠯ ᠳᠠᠬᠢ ᠬᠤᠪᠢ ᠪᠡᠶ᠎ᠡ ᠶᠢᠨ ᠣᠶᠢᠯᠠᠭᠠᠯᠲᠠ ᠪᠣᠯᠤᠨ᠎ᠠ᠃ ︽ᠡᠳᠡᠭᠡᠷ ᠡᠷᠳᠡᠨᠢ ᠰᠢᠰᠢ ᠶᠢ ᠭᠠᠷ ᠢᠶᠠᠷ ᠢᠶᠠᠨ

ᠬᠤᠭᠤᠯᠠᠯᠯᠠᠪᠠᠯ ᠰᠠᠶ᠋ᠢ ᠠᠪᠤ ᠡᠵᠢ ᠨᠢ ᠠᠮᠠᠷᠬᠠᠨ ᠪᠢᠰᠢ ᠭᠡᠳᠡᠭ ᠢ ᠮᠡᠳᠡᠨ᠎ᠡ᠂ ᠭᠡᠷ ᠲᠡᠭᠡᠨ ᠬᠠᠷᠢᠭᠠᠳ ᠠᠪᠤ ᠡᠵᠢ ᠪᠠᠨ

ᠢᠯᠡᠭᠦᠬᠡᠨ ᠬᠠᠪᠰᠤᠷᠴᠤ ᠪᠤᠭᠤᠳᠠᠢ ᠬᠠᠳᠤᠶ︾ ᠭᠡᠪᠡ᠃ ᠨᠢᠭᠡ ᠡᠷᠡᠭᠲᠡᠢ ᠰᠤᠷᠤᠭᠴᠢ ᠲᠣᠯᠣᠭᠠᠢ ᠳᠠᠬᠢ ᠬᠥᠯᠥᠰᠥ ᠪᠠᠨ

ᠠᠷᠴᠢᠭᠠᠳ᠄

    ᠲᠥᠪ ᠤᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠤᠨ ᠴᠡᠭ ᠲᠣᠭᠲᠠᠭᠠᠨ ᠬᠠᠪᠰᠤᠷᠤᠨ ᠲᠡᠳᠬᠦᠬᠦ

ᠪᠦᠯᠬᠦᠮ ᠤᠨ ᠠᠩᠭᠢ ᠶᠢᠨ ᠳᠣᠲᠣᠷ᠎ᠠ᠂ ᠣᠯᠠᠩᠬᠢ ᠨᠢ ᠰᠠᠶ᠋ᠢᠬᠠᠨ ᠠᠵᠢᠯ ᠤᠨ ᠪᠠᠶᠢᠷᠢ ᠳᠤ ᠭᠠᠷᠤᠭᠰᠠᠨ ᠠᠴᠠ ᠳᠡᠮᠡᠶ

ᠤᠳᠠᠭᠰᠠᠨ ᠦᠭᠡᠢ ᠵᠠᠯᠠᠭᠤ ᠺᠠᠳ᠋ᠷ᠂ ᠡᠨᠡ ᠤᠳᠠᠭᠠᠨ ᠤ ︽ᠲᠠᠷᠢᠶᠠᠨ ᠬᠢᠴᠢᠶᠡᠯ ᠤᠨ ᠲᠠᠩᠬᠢᠮ︾ ᠨᠢ ᠲᠡᠳᠡᠨ ᠳᠤ ᠴᠦ ᠶᠡᠷᠦ

ᠪᠤᠰᠤ ᠶᠢᠨ ᠠᠴᠢ ᠬᠤᠯᠪᠣᠭᠳᠠᠯ ᠲᠠᠢ ᠶᠤᠮ᠃ ︽ᠬᠠᠮᠲᠤ ᠰᠤᠷᠤᠭᠴᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ

ᠲᠠᠷᠢᠶᠠᠨ ᠠᠵᠢᠯ ᠳᠤ ᠬᠥᠳᠡᠯᠮᠦᠷᠢᠯᠡᠨ᠂ ᠲᠡᠳᠡᠨ ᠤ ᠪᠡᠶ᠎ᠡ ᠳᠡᠭᠡᠷᠡᠬᠢ ᠥᠷᠨᠢᠭᠦᠨ ᠵᠢᠪᠬᠤᠭ᠎ᠠ ᠪᠣᠯ ᠰᠢᠨ᠎ᠡ ᠴᠠᠭ ᠦᠶ᠎ᠡ ᠶᠢᠨ

ᠵᠠᠯᠠᠭᠤᠴᠤᠳ ᠤᠨ ᠬᠦᠴᠦᠨ ᠮᠥᠨ᠂ ᠮᠠᠰᠢ ᠴᠢᠩᠭ᠎ᠠ ᠨᠥᠯᠥᠭᠡᠯᠡᠬᠦ ᠬᠦᠴᠦᠨ ᠲᠠᠢ ᠶᠤᠮ᠃ ᠪᠢᠳᠡ ᠪᠠᠰᠠ ᠳᠤᠮᠳᠠ ᠠᠴᠠ ᠨᠢ

ᠡᠷᠬᠡ ᠲᠠᠩᠬᠢ ᠰᠤᠷᠴᠤ᠂ ᠵᠣᠪᠠᠭᠤᠷᠢ ᠵᠦᠳᠡᠭᠦᠷᠢ ᠶᠢ ᠠᠮᠰᠠᠵᠤ ᠴᠢᠳᠠᠬᠤ ᠰᠠᠶᠢᠨ ᠮᠣᠷᠠᠯ ᠢ ᠰᠤᠷᠤᠭᠰᠠᠨ ᠪᠠᠶᠢᠨ᠎ᠠ︾ ᠭᠡᠵᠦ

ᠬᠡᠯᠡᠪᠡ᠃ ᠬᠠᠪᠰᠤᠷᠤᠨ ᠲᠡᠳᠬᠦᠬᠦ ᠺᠠᠳ᠋ᠷ ᠨᠠᠷ ᠰᠤᠷᠤᠭᠴᠢᠳ ᠢ ᠮᠠᠭᠲᠠᠨ ᠰᠠᠶᠢᠰᠢᠶᠠᠪᠠ᠃

    ᠬᠦᠬᠡ ᠲᠩᠷᠢ ᠴᠠᠭᠠᠨ ᠡᠭᠦᠯᠡᠨ ᠤ ᠳᠣᠣᠷ᠎ᠠ᠂ ᠠᠯᠲᠠᠨ ᠰᠢᠷᠭᠠᠯ ᠬᠡᠭᠡᠷ᠎ᠡ ᠶᠢᠨ ᠲᠠᠰᠤᠯᠭ᠎ᠠ ᠳᠤ᠂ ᠣᠷᠣᠯᠴᠠᠭᠴᠢ ᠨᠢᠭᠡᠪᠦᠷᠢ

ᠰᠡᠳᠬᠢᠯ ᠵᠢᠷᠦᠬᠡᠨ ᠠᠴᠠ ᠪᠠᠨ᠄ ︽ᠥᠷᠭᠡᠨ ᠠᠭᠤᠳᠠᠮ ᠬᠥᠳᠡᠭᠡ ᠲᠣᠰᠬᠤᠨ ᠤ ᠶᠡᠭᠡ ᠦᠢᠯᠡᠰ ᠪᠦᠲᠦᠭᠡᠵᠦ ᠪᠣᠯᠣᠨ᠎ᠠ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠡᠭᠡᠳᠦᠢ ᠶᠢᠨ ᠪᠣᠯᠤᠮᠤᠢ︾ ᠭᠡᠳᠡᠭ ᠢ ᠮᠡᠳᠡᠷᠡᠵᠡᠢ᠃ ᠥᠪᠥᠷ

ᠣᠩᠭᠤᠯ ᠤᠨ ᠡᠳᠦᠷ ᠤᠨ ᠰᠣᠨᠢᠨ ᠤ ᠲᠠᠯ᠎ᠠ ᠨᠤᠲᠤᠭ ᠤᠨ ᠡᠭᠦᠯᠡ᠂ ᠠᠰ ᠤᠮᠠᠷᠠᠲᠤ ᠶᠢᠨ ᠰᠦᠯᠵᠢᠶ᠎ᠡ ᠶᠢᠨ ᠰᠤᠷᠪᠤᠯᠵᠢᠯᠠᠭᠴᠢ

ᠫᠠᠨ ᠵᠢᠶᠠ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2