ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠬᠠᠮᠲᠤᠷᠠᠨ ︽ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/10/31

    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠢᠨ

ᠲᠥᠯᠥᠭᠡ᠂ ᠨᠠᠮ ᠤᠨ ᠭᠡᠰᠢᠭᠦᠨ ᠺᠠᠳ᠋ᠷᠴᠤᠳ ᠤᠨ ᠬᠦᠰᠡᠯ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ

ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠶᠢ ᠤᠯᠠᠮ ᠨᠢᠭᠡ ᠠᠯᠬᠤᠮ

ᠤᠷᠮᠠᠰᠢᠭᠤᠯᠤᠨ ᠵᠤᠷᠢᠭᠵᠢᠭᠤᠯᠪᠠ᠃ 10 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ

ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂

ᠠᠵᠢᠯᠴᠢᠨ ᠤ ᠶᠡᠷᠦᠩᠬᠡᠢ ᠡᠪᠯᠡᠯ᠂ ᠪᠦᠳᠦᠭᠡᠨ ᠪᠠᠶᠢᠭᠤᠯᠤᠯᠲᠠ ᠶᠢᠨ ᠪᠠᠩᠬᠢ ᠬᠠᠮᠲᠤᠷᠠᠨ ︽ᠨᠠᠮ ᠤᠨ ᠬᠤᠷᠢᠳᠤᠭᠠᠷ

ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠡᠳᠬᠢᠯ ᠢᠶᠠᠨ

ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ

ᠠᠵᠢᠯᠯᠠᠭ᠎ᠠ ᠶᠢ ᠥᠷᠨᠢᠭᠦᠯᠪᠡ᠃

    ᠠᠵᠢᠯᠯᠠᠭ᠎ᠠ ᠶᠢᠨ ᠳᠤᠮᠳᠠ᠂ ᠪᠥᠬᠦ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ

ᠡᠷᠭᠢᠴᠡᠭᠦᠯᠦᠭᠰᠡᠨ ᠪᠥᠭᠡᠳ ᠤᠯᠤᠰ ᠢᠶᠠᠨ ᠬᠠᠶᠢᠷᠠᠯᠠᠬᠤ ᠬᠥᠮᠦᠵᠢᠯ ᠤᠨ ᠺᠢᠨᠣ᠋ ︽ᠰᠠᠶᠢᠨ ᠳᠤᠷ᠎ᠠ ᠶᠢᠨ ᠴᠡᠷᠢᠭ᠄ ᠮᠥᠬᠦᠬᠦ

ᠳᠠᠶᠢᠯᠠᠯᠳᠤᠭᠠᠨ︾ ᠢ ᠰᠣᠨᠢᠷᠬᠠᠪᠠ᠃ ᠲᠤᠰ ᠺᠢᠨᠣ᠋ ᠨᠢ ︽ᠰᠠᠶᠢᠨ ᠳᠤᠷ᠎ᠠ ᠶᠢᠨ ᠴᠡᠷᠢᠭ︾ ᠭᠡᠬᠦ ᠭᠤᠷᠪᠠᠨ ᠠᠶ᠎ᠠ ᠵᠣᠬᠢᠶᠠᠭᠴᠢ

ᠪᠣᠯᠤᠭᠰᠠᠨ ᠤ ᠬᠤᠪᠢ ᠳᠤ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠳᠠᠶᠢᠨ ᠤ ᠲᠠᠪᠤᠳᠤᠭᠠᠷ ᠤᠳᠠᠭ᠎ᠠ ᠶᠢᠨ

ᠳᠠᠶᠢᠯᠠᠯᠳᠤᠭᠠᠨ ᠳᠠᠬᠢ ᠲᠢᠶᠧ ᠶᠤᠸᠠᠨ ᠬᠤᠷᠢᠭᠯᠠᠨ ᠴᠣᠬᠢᠬᠤ ᠲᠠᠶᠢᠨ ᠢ ᠭᠤᠤᠯᠳᠠᠯᠭ᠎ᠠ ᠲᠠᠢ ᠬᠢᠭᠰᠡᠨ ᠪᠠᠶᠢᠨ᠎ᠠ᠃ ᠳᠤᠮᠳᠠᠳᠤ

ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ 63 ᠳ᠋ᠤᠭᠠᠷ ᠠᠷᠮᠢ ᠶᠢᠨ 25 ᠳ᠋ᠤᠭᠠᠷ ᠠᠷᠮᠢ ᠶᠢᠨ 5 ᠲᠦᠮᠡ

ᠰᠢᠬᠠᠮ ᠳᠠᠷᠤᠭ᠎ᠠ ᠪᠠᠶᠢᠯᠳᠤᠭᠴᠢ ᠬᠢᠭᠡᠳ 5 ᠲᠦᠮᠡ ᠰᠢᠬᠠᠮ ᠳᠠᠶᠢᠰᠤᠨ ᠤ ᠴᠡᠷᠢᠭ 12 ᠡᠳᠦᠷ ᠰᠥᠨᠢ ᠶᠢ ᠰᠢᠷᠦᠭᠦᠨ

ᠪᠠᠶᠢᠯᠳᠤᠵᠤ᠂ ᠪᠠᠶᠢᠯᠳᠤᠭᠴᠢᠳ ︽ᠬᠠᠳᠠᠭᠠᠰᠤ ᠬᠠᠳᠠᠬᠤ ᠪᠠᠶᠢᠯᠳᠤᠬᠤ ᠠᠷᠭ᠎ᠠ︾ ᠶᠢ ᠪᠠᠳᠠᠷᠠᠭᠤᠯᠵᠤ᠂ ᠪᠡᠶ᠎ᠡ ᠪᠠᠨ

ᠵᠢᠭᠰᠠᠭᠠᠯ ᠤᠨ ᠭᠠᠵᠠᠷ ᠬᠠᠳᠠᠬᠤ ᠳᠡᠭᠡᠷ᠎ᠡ ᠠᠶᠤᠵᠤ ᠰᠦᠷᠳᠡᠬᠦ ᠦᠭᠡᠢ ᠴᠢᠩᠭ᠎ᠠ ᠴᠣᠬᠢᠯᠲᠠ ᠥᠭᠴᠦ ᠤᠬᠤᠷᠢᠬᠤ ᠦᠭᠡᠢ

ᠪᠠᠶᠢᠵᠤ᠂ ᠲᠡᠮᠦᠷ ᠵᠠᠮ ᠤᠨ ᠤᠭ ᠤᠨ ᠳᠠᠶᠢᠨ ᠤ ᠲᠠᠯᠠᠪᠤᠷ ᠲᠤ ᠡᠪᠳᠡᠷᠡᠰᠢ ᠦᠭᠡᠢ ︽ᠲᠡᠮᠦᠷ ᠴᠠᠭᠠᠨ ᠬᠡᠷᠡᠮ︾ ᠢ

ᠪᠠᠶᠢᠭᠤᠯᠪᠠ᠃

    ︽ᠡᠨᠡ ᠤᠳᠠᠭ᠎ᠠ ᠶᠢᠨ ᠬᠤᠪᠢᠰᠬᠠᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠵᠤ᠂

ᠨᠠᠮ ᠤᠨ ᠭᠡᠰᠢᠭᠦᠳ ᠲᠤ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠣᠯᠤᠨ ᠤᠶᠤᠨ ᠰᠠᠨᠠᠭᠠᠨ ᠤ

ᠳᠠᠪᠲᠠᠯᠲᠠ ᠬᠦᠷᠲᠡᠭᠡᠵᠦ᠂ ᠬᠦᠰᠡᠯ ᠢᠲᠡᠭᠡᠯ ᠪᠢᠰᠢᠷᠡᠯ ᠢ ᠨᠡᠩ ᠪᠠᠲᠤᠳᠬᠠᠵᠠᠢ︾ ᠭᠡᠵᠦ ᠬᠡᠯᠡᠪᠡ᠃ ᠺᠢᠨᠣ᠋

ᠳᠠᠭᠤᠰᠤᠭᠰᠠᠨ ᠤ ᠳᠠᠷᠠᠭ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠭᠤᠤ ᠱᠦ

ᠵᠢᠶᠦ᠋ᠨ ᠬᠡᠯᠡᠭᠰᠡᠨ ᠨᠢ᠂ ᠡᠨᠡ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠦᠵᠡᠯ ᠰᠠᠨᠠᠭ᠎ᠠ ᠪᠠᠨ

ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠴᠢᠳᠠᠯ ᠢᠶᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠥᠷᠭᠡᠨ ᠤᠯᠠᠨ

ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ

ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠠᠭᠤᠤ

ᠶᠡᠭᠡ ᠦᠢᠯᠡᠳᠦᠯᠭᠡ ᠳᠤ ᠣᠷᠣᠯᠴᠠᠭᠤᠯᠬᠤ ᠬᠡᠷᠡᠭᠲᠡᠢ᠃

    ᠨᠠᠮ ᠤᠨ ᠭᠡᠰᠢᠭᠦᠨ ᠺᠠᠳ᠋ᠷᠴᠤᠳ᠂ ᠥᠨᠥᠳᠦᠷ ᠤᠨ ᠡᠩᠬᠡ ᠲᠠᠶᠢᠪᠤᠩ ᠠᠮᠢᠳᠤᠷᠠᠯ ᠢᠶᠠᠨ ᠨᠠᠨᠳᠢᠩᠨᠠᠵᠤ᠂ ᠲᠡᠦᠬᠡ ᠪᠠᠨ

ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠮᠠᠷᠲᠠᠬᠤ ᠦᠭᠡᠢ ᠭᠡᠵᠦ ᠢᠯᠡᠳᠬᠡᠵᠡᠭᠡᠪᠡ᠃ ᠬᠤᠶᠢᠰᠢᠳᠠ ᠶᠢᠨ

ᠠᠵᠢᠯ ᠤᠨ ᠳᠤᠮᠳᠠ᠂ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ

ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ

ᠱᠠᠭᠠᠷᠳᠠᠯᠭ᠎ᠠ ᠪᠠᠷ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂

ᠬᠤᠸᠠᠳᠧ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃

 

ᠢᠷᠡᠯᠲᠡ᠄ ᠠᠮᠢᠵᠢᠷᠠᠯ ᠤᠨ ᠬᠦᠴᠦᠨ ᠤ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2