10 ᠰᠠᠷ᠎ᠠ ᠶᠢᠨ 24 ᠤ ᠡᠳᠦᠷ᠂ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠤᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠤᠸᠠᠳᠧ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠠᠵᠢᠯᠴᠢᠳ ᠲᠤ ᠴᠢᠩ ᠰᠡᠳᠬᠢᠯ ᠤᠨ ᠲᠣᠬᠤᠨᠢᠭᠤᠯᠤᠯ ᠪᠠ ᠬᠠᠯᠠᠭᠤᠨ ᠳᠤᠯᠠᠭᠠᠨ ᠳᠡᠮᠵᠢᠯᠡᠭᠡ | ᠠᠪᠴᠢᠷᠠᠵᠤ ᠥᠭᠴᠡᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠸᠠᠩ ᠵᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠤᠤ ᠵᠧᠨ ᠢᠦᠢ ᠪᠡᠯᠡᠭᠯᠡᠨ | ᠬᠦᠷᠭᠡᠬᠦ ᠠᠵᠢᠯᠯᠠᠭ᠎ᠠ ᠳᠤ ᠣᠷᠣᠯᠴᠠᠪᠠ᠃ | ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠤᠤ ᠵᠧᠨ ᠢᠦᠢ ᠡᠩ | ᠲᠡᠷᠢᠭᠦᠨ ᠳᠤ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠬᠠᠷᠠᠮ ᠦᠭᠡᠢ ᠪᠡᠯᠡᠭᠯᠡᠨ ᠬᠦᠷᠭᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃ | ᠲᠡᠷᠡ ᠵᠢᠭᠠᠵᠤ ᠭᠠᠷᠭᠠᠭᠰᠠᠨ ᠨᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠤᠲᠠ ᠶᠢᠨ ᠣᠷᠴᠢᠨ | ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠠᠯ᠎ᠠ ᠪᠠᠷ ᠲᠦᠢᠯ ᠤᠨ ᠶᠡᠭᠡ ᠦᠢᠯᠡᠳᠦᠯ ᠦᠵᠡᠭᠦᠯᠵᠦ ᠪᠠᠶᠢᠳᠠᠭ᠂ ᠲᠡᠳᠡ | ᠡᠳᠦᠷ ᠪᠦᠷᠢ ᠰᠢᠷᠭᠠᠭᠤ ᠬᠠᠲᠠᠭᠤᠵᠢᠯᠲᠠᠶ ᠠᠵᠢᠯᠯᠠᠵᠤ᠂ ᠦᠭᠡ ᠳᠠᠭᠤᠨ ᠥᠬᠡᠶ ᠪᠠᠷ ᠬᠤᠪᠢ ᠨᠡᠮᠡᠷᠢ ᠦᠵᠡᠭᠦᠯᠬᠦ ᠨᠢ ᠲᠣᠰ | ᠤᠳᠠᠭᠠᠨ ᠤ ᠬᠠᠨᠳᠢᠪᠯᠠᠯ ᠪᠣᠯ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠡᠳ᠋ ᠪᠣᠳᠠᠰ ᠤᠨ ᠲᠠᠯ᠎ᠠ ᠪᠠᠷ | ᠬᠠᠪᠰᠤᠷᠤᠯᠭ᠎ᠠ ᠪᠣᠯᠬᠤ ᠪᠥᠭᠡᠳ ᠨᠠᠩ ᠴᠤ ᠨᠢᠭᠡ ᠵᠦᠢᠯ ᠤᠨ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠪᠣᠯᠤᠨ᠎ᠠ | ᠃ ᠳ᠋ᠦᠩ ᠴᠧᠩ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ | ᠬᠤᠸᠠᠳᠧ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠬᠠᠯᠠᠮᠵᠢᠯᠠᠨ ᠳᠡᠮᠵᠢᠵᠦ᠂ ᠬᠤᠶᠠᠷ | ᠭᠠᠵᠠᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠲᠥᠷᠥᠯ ᠤᠨ ᠬᠤᠭᠤᠷᠣᠨᠳᠣᠬᠢ ᠭᠦᠨ ᠵᠤᠵᠠᠭᠠᠨ | ᠨᠥᠬᠦᠷᠯᠡᠯ ᠢ ᠢᠯᠡᠷᠡᠭᠦᠯᠦᠭᠰᠡᠨ ᠪᠥᠭᠡᠳ ᠪᠠᠰᠠ ᠣᠷᠣᠨ ᠪᠦᠰᠡ ᠶᠢᠨ ᠬᠤᠭᠤᠷᠣᠨᠳᠣᠬᠢ ᠨᠥᠬᠦᠷᠰᠡᠭ ᠬᠠᠷᠢᠯᠴᠠᠨ | ᠲᠤᠰᠠᠯᠠᠯᠴᠠᠭᠰᠠᠨ ᠠᠮᠢᠳᠤᠯᠢᠭ ᠢᠯᠡᠷᠡᠯ ᠪᠣᠯᠤᠭᠰᠠᠨ ᠪᠠᠶᠢᠨ᠎ᠠ᠃ | ᠪᠡᠯᠡᠭᠯᠡᠨ ᠬᠦᠷᠭᠡᠭᠰᠡᠨ ᠲᠤᠬᠠᠶ ᠶᠢᠨ ᠲᠠᠯᠠᠪᠠᠢ ᠳᠤ᠂ ᠬᠠᠶᠢᠷᠴᠠᠭ ᠬᠠᠶᠢᠷᠴᠠᠭ ᠬᠤᠪᠴᠠᠰᠤ ᠬᠤᠨᠠᠷ ᠢᠶᠠᠨ ᠲᠡᠷᠢ ᠲᠡᠭᠰᠢ | ᠲᠠᠯᠪᠢᠵᠤ᠂ ᠲᠣᠰ ᠤᠳᠠᠭ᠎ᠠ ᠡᠯ᠎ᠡ ᠤᠯᠠᠷᠢᠯ ᠤᠨ ᠬᠤᠪᠴᠠᠰᠤ ᠬᠤᠨᠠᠷ᠂ ᠮᠠᠯᠠᠭᠠᠢ ᠵᠡᠷᠭᠡ ᠬᠡᠷᠡᠭᠯᠡᠭᠡᠨ ᠤ ᠡᠳ᠋ ᠪᠣᠳᠠᠰ ᠢ | ᠬᠠᠨᠳᠢᠪᠯᠠᠪᠠ᠃ ᠡᠭᠦᠨ ᠳᠤ ᠪᠦᠷᠢᠨ ᠢᠵᠢ ᠬᠤᠪᠴᠠᠰᠤ 850 ᠢᠵᠢ᠂ 380 ᠵᠠᠬ᠎ᠠ ᠬᠦᠷᠮ᠎ᠡ ᠂ 117 | ᠥᠮᠦᠳᠦ᠂ 166 ᠮᠠᠯᠠᠭᠠᠢ ᠪᠠᠭᠲᠠᠵᠤ᠂ ᠡᠳᠡᠭᠡᠷ ᠬᠤᠪᠴᠠᠰᠤ ᠬᠤᠨᠠᠷ ᠨᠢ ᠳ᠋ᠦᠩ ᠴᠧᠩ ᠲᠣᠭᠤᠷᠢᠭ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠠᠴᠢᠶᠠᠯᠠᠵᠤ | ᠪᠠᠶᠢᠨ᠎ᠠ᠃ | ᠪᠡᠯᠡᠭᠯᠡᠨ ᠬᠦᠷᠭᠡᠬᠦ ᠶᠣᠰᠣᠯᠠᠯ ᠤᠨ ᠳᠠᠷᠠᠭ᠎ᠠ᠂ ᠬᠤᠶᠠᠷ ᠲᠠᠯ᠎ᠠ ᠪᠠᠷ ᠢᠶᠠᠨ ᠶᠠᠷᠢᠯᠴᠠᠬᠤ ᠬᠤᠷᠠᠯ ᠬᠢᠵᠡᠶ᠃ ᠬᠤᠷᠠᠯ ᠳᠡᠭᠡᠷ᠎ᠡ | ᠂ ᠬᠤᠶᠠᠷ ᠲᠠᠯ᠎ᠠ ᠪᠠᠷ ᠢᠶᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠠᠵᠢᠯᠴᠢᠨ ᠤ ᠡᠷᠬᠡ ᠠᠰᠢᠭ ᠤᠨ ᠪᠠᠲᠤᠯᠠᠭ᠎ᠠ ᠵᠢᠴᠢ ᠬᠤᠲᠠ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠶᠢᠨ ᠲᠤᠷᠰᠢᠯᠭ᠎ᠠ ᠶᠢᠨ ᠲᠤᠬᠠᠶ ᠰᠠᠨᠠᠯ ᠢᠶᠠᠨ ᠰᠣᠯᠢᠯᠴᠠᠨ | ᠬᠤᠪᠢᠶᠠᠯᠴᠠᠪᠠ᠃ ᠳ᠋ᠦᠩ ᠴᠧᠩ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠬᠠᠷᠢᠭᠤᠴᠠᠯᠭᠠᠲᠠᠨ ᠲᠡᠳᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠲᠠᠯ᠎ᠠ ᠪᠠᠷ ᠬᠢ ᠲᠡᠷᠢᠭᠦᠨ ᠤ ᠣᠶᠢᠯᠠᠭᠠᠭᠳᠠᠬᠤᠨ ᠪᠣᠯᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠨ ᠲᠠᠨᠢᠯᠴᠠᠭᠤᠯᠪᠠ᠃ | ᠬᠤᠸᠠᠳᠧ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰ ᠭᠠᠵᠠᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯ ᠤᠨ ᠣᠨᠴᠠᠯᠢᠭ ᠪᠠ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠬᠤᠪᠢᠶᠠᠯᠴᠠᠪᠠ᠃ ᠬᠤᠶᠠᠷ ᠲᠠᠯ᠎ᠠ ᠪᠠᠷ ᠢᠶᠠᠨ᠂ ᠡᠶᠢᠮᠦ | ᠰᠣᠯᠢᠯᠴᠠᠭ᠎ᠠ ᠦᠢᠯᠡᠳᠦᠯᠴᠡᠯ ᠢᠶᠠᠷ ᠳᠠᠮᠵᠢᠨ᠂ ᠬᠠᠷᠢᠯᠴᠠᠨ ᠰᠤᠷᠤᠯᠴᠠᠨ ᠲᠤᠯᠢᠳᠠᠵᠤ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | | |